ᠠᠯᠲᠠᠨᠬᠢᠯᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠬᠠᠷᠢᠭᠤᠯᠲᠠ ᠶᠢᠨ ᠬᠠᠭᠤᠳᠠᠰᠤ ᠪᠠ ᠪᠠᠷᠠᠭᠠᠯᠠᠯ
ᠨᠡᠶᠢᠲᠡᠯᠡᠭᠰᠡᠨ ᠴᠠᠭ᠄
2024/1/23
      2023 ᠣᠨ ᠳᠤ᠂ ᠠᠯᠲᠠᠨᠬᠢᠯᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ︽ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠨᠢ ᠬᠦᠴᠤᠨ ᠲᠠᠢ᠂ ᠬᠢᠨᠠᠯᠲᠠ ᠬᠠᠮᠢᠶᠠᠷᠤᠯᠲᠠ ᠨᠢ ᠴᠢᠩᠭ᠎ᠠ᠂ ᠠᠷᠠᠳ ᠲᠦᠮᠠᠨ ᠳᠤ ᠦᠢᠯᠡᠴᠢᠯᠡᠬᠦ ᠶᠢ ᠪᠤᠲᠠᠲᠠᠢ ᠪᠠᠶᠢᠬᠤ︾ ᠵᠠᠷᠴᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠴᠢᠩᠭᠠᠳᠬᠠᠬᠤ ᠶᠢ ᠲᠦᠯᠬᠢᠨ  ᠠᠬᠢᠭᠤᠯᠪᠠ᠃      ◆ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠭᠠᠵᠠᠷ ᠰᠢᠷᠣᠢ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠷᠭᠢᠯᠡᠭᠰᠡᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠳᠤ ᠢᠳᠡᠪᠬᠢᠲᠡᠢ ᠣᠷᠣᠯᠴᠠᠵᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ︾         ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠪᠠ︔ ᠬᠠᠤᠯᠢᠴᠢ ᠶᠢ ᠤᠷᠢᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠣᠶᠢᠷ᠎ᠠ ᠶᠢᠨ ᠵᠢᠯ ᠳᠤ ᠡᠭᠦᠰᠦᠭᠰᠡᠨ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠬᠡᠷᠡᠭ ᠤᠨ ᠣᠨᠴᠠᠯᠢᠭ᠂ ᠲᠠᠰᠤᠯᠤᠯᠲᠠ ᠶᠢᠨ ᠪᠠᠷᠢᠮᠵᠢᠶ᠎ᠠ ᠪᠠ ᠬᠡᠷᠡᠭᠯᠡᠭᠰᠡᠨ ᠪᠠᠶᠢᠳᠠᠯ ᠵᠡᠷᠭᠡ ᠳᠤ ᠲᠥᠪᠯᠡᠷᠡᠭᠦᠯᠦᠨ ᠪᠤᠯᠪᠠᠰᠤᠷᠠᠯ ᠬᠢᠯᠭᠡᠪᠡ︔ ᠬᠠᠤᠯᠢ ᠬᠡᠷᠡᠭᠵᠢᠭᠦᠯᠬᠦ ᠠᠵᠢᠯᠲᠠᠳ ᠢ ᠵᠣᠬᠢᠶᠠᠨ ᠪᠠᠶᠢᠭᠤᠯᠤᠨ ᠤᠯᠢᠶᠠᠰᠤᠲᠠᠢ ᠪᠠᠯᠭᠠᠰᠤ᠂ ᠲᠠᠭᠤᠲᠤᠨᠠᠭᠤᠷ ᠪᠠᠯᠭᠠᠰᠤ᠂ ᠭᠠᠬᠢᠯ  ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠳᠤ ᠬᠦᠨᠵᠡᠬᠡᠶᠢᠷᠠᠨ ᠬᠠᠤᠯᠢ ᠬᠡᠷᠡᠭᠵᠢᠭᠦᠯᠬᠦ ᠵᠦᠢᠯᠡᠰ ᠵᠢᠴᠢ ᠴᠢᠯᠦᠭᠡᠲᠦ ᠲᠠᠰᠤᠯᠤᠯᠲᠠ ᠶᠢᠨ ᠡᠷᠬᠡ ᠶᠢᠨ ᠰᠤᠷᠤᠯᠴᠠᠯᠭ᠎ᠠ ᠪᠠ ᠵᠢᠷᠤᠮᠵᠢᠯ᠂ ᠬᠠᠤᠯᠢ ᠬᠡᠷᠡᠭᠵᠢᠭᠦᠯᠬᠦ ᠪᠢᠴᠢᠭ ᠵᠣᠬᠢᠶᠠᠵᠤ ᠳᠠᠩᠰᠠ ᠡᠪᠬᠡᠮᠡᠯ ᠳᠤ ᠣᠷᠣᠭᠤᠯᠬᠤ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠲᠤᠨᠤᠭ ᠲᠥᠬᠦᠭᠡᠷᠦᠮᠵᠢ ᠵᠡᠷᠭᠡ ᠶᠢᠨ ᠲᠤᠬᠠᠢ ᠰᠤᠳᠤᠯᠤᠨ  ᠰᠤᠷᠤᠯᠴᠠᠪᠠ᠃      ◆ᠬᠠᠪᠤᠷ ᠤᠨ ᠤᠯᠠᠷᠢᠯ ᠤᠨ ᠪᠡᠯᠴᠢᠭᠡᠷ ᠰᠠᠷᠬᠦᠬᠡᠬᠦ ᠠᠵᠢᠯ ᠲᠠᠢ ᠤᠶᠠᠯᠳᠤᠭᠤᠯᠤᠨ᠂ ᠬᠤᠶᠠᠷ ᠳᠤᠭᠤᠶᠢᠯᠠᠩ ᠪᠡᠯᠴᠢᠭᠡᠷ ᠰᠠᠷᠬᠦᠬᠡᠬᠦ ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠬᠤ ᠲᠡᠷᠭᠡ 1᠂ ᠪᠠᠶᠠᠴᠢ ᠨᠢᠰᠬᠡᠯ 1᠂ GPS ᠣᠷᠣᠨ ᠪᠠᠶᠢᠷᠢ ᠲᠣᠭᠲᠠᠭᠠᠬᠤ ᠮᠠᠰᠢᠨ 2᠂ ᠬᠠᠤᠯᠢ ᠬᠡᠷᠡᠭᠵᠢᠭᠦᠯᠬᠦ ᠲᠡᠮᠳᠡᠭᠯᠡᠯ ᠤᠨ ᠮᠠᠰᠢᠨ 7᠂ 45 ᠡᠳᠦᠷ ᠤᠨ ᠪᠡᠯᠴᠢᠭᠡᠷ ᠰᠠᠷᠬᠦᠬᠡᠬᠦ ᠬᠤᠭᠤᠴᠠᠭᠠᠨ ᠳᠤ 105 ᠤᠳᠠᠭ᠎ᠠ ᠲᠣᠭᠤᠷᠢᠨ ᠪᠠᠶᠢᠴᠠᠭᠠᠵᠤ᠂ ᠣᠷᠣᠨ ᠪᠠᠶᠢᠷᠢ ᠶᠢᠨ ᠲᠤᠭᠲᠠᠭᠠᠯᠲᠠ ᠲᠣᠭᠤᠷᠢᠨ ᠪᠠᠶᠢᠴᠠᠭᠠᠬᠤ ᠲᠡᠮᠳᠡᠭᠯᠡᠯ 352 ᠬᠤᠪᠢ ᠲᠠᠭᠯᠠᠵᠤ᠂ 5 ᠤᠲᠠᠭᠠᠨ ᠤ ᠰᠡᠷᠡᠮᠵᠢᠯᠡᠭᠦᠯᠦᠯ ᠭᠠᠷᠭᠠᠪᠠ︔ ᠨᠡᠶᠢᠭᠡᠮ ᠲᠣᠭᠤᠷᠢᠭ ᠤᠨ         ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾᠂ ᠫᠠᠶᠢᠰᠠ ᠢᠯᠡᠷᠬᠡᠶᠢᠯᠡᠯ ᠤᠨ ᠬᠠᠮᠢᠶᠠᠷᠤᠯᠲᠠ᠂ ᠪᠦᠲᠦᠭᠡᠨ ᠪᠠᠶᠢᠭᠤᠯᠤᠯᠲᠠ ᠠᠴᠠ ᠵᠥᠷᠢᠴᠡᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ᠂ ᠭᠤᠣᠯ ᠤᠨ ᠵᠠᠮ   ᠠᠴᠠ ᠬᠠᠤᠯᠢ ᠪᠤᠰᠤ ᠪᠠᠷ ᠡᠯᠡᠰᠦ ᠮᠠᠯᠲᠠᠬᠤ᠂ ᠬᠠᠳᠤᠯᠠᠩ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠵᠡᠷᠭᠡ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠠ︔ ︽ᠵᠡᠭᠦᠨ ᠦᠵᠦᠮᠦᠴᠢᠨ ᠬᠤᠰᠢᠭᠤᠨ ᠤ ᠡᠪᠡᠰᠦ ᠬᠠᠳᠤᠵᠤ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠪᠠᠰᠤ ᠬᠠᠲᠤᠭᠰᠠᠨ ᠠᠵᠢᠯᠯᠠᠭ᠎ᠠ ᠳᠤ 29 ᠤᠳᠠᠭ᠎ᠠ ᠬᠢᠨᠠᠨ ᠪᠠᠶᠢᠴᠠᠭᠠᠵᠤ᠂  ᠡᠪᠡᠰᠦ ᠬᠠᠲᠤᠬᠤ ᠠᠵᠢᠯᠯᠠᠬᠤ ᠦᠨᠡᠮᠯᠡᠯ 8 ᠣᠯᠭᠤᠵᠤ᠂ ᠬᠠᠲᠤᠯᠠᠩ ᠤᠨ ᠲᠠᠯᠠᠪᠠᠢ 1.591 ᠲᠦᠮᠡᠨ ᠮᠦ᠃      ◆2024 ᠣᠨ ᠳᠤ᠂ ᠮᠠᠨ ᠤ ᠲᠤᠪᠴᠢᠶ᠎ᠠ ᠦᠷᠭᠦᠯᠵᠢᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠠᠷᠬᠦᠬᠡᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠴᠢ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠠᠷᠬᠦᠬᠡᠬᠦ ᠠᠵᠢᠯ ᠢ ᠪᠥᠬᠦ ᠵᠢᠯ ᠤᠨ ᠭᠤᠣᠯᠳᠠᠯᠭ᠎ᠠ ᠲᠠᠢ ᠠᠵᠢᠯ ᠪᠣᠯᠭᠠᠵᠤ᠂ ᠣᠲᠣ ᠶᠢᠨ ᠪᠠᠶᠢᠭ᠎ᠠ ᠬᠠᠤᠯᠢ ᠬᠡᠷᠡᠭᠵᠢᠭᠦᠯᠬᠦ ᠡᠬᠢ ᠪᠠᠶᠠᠯᠢᠭ ᠢ ᠵᠦᠢ ᠵᠣᠬᠢᠰᠲᠠᠢ ᠲᠥᠯᠥᠪᠵᠢᠭᠦᠯᠦᠨ ᠬᠢᠨᠠᠯᠲᠠ ᠬᠠᠮᠢᠶᠠᠷᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠵᠡᠭᠦᠨ ᠦᠵᠦᠮᠦᠴᠢᠨ ᠬᠤᠰᠢᠭᠤᠨ ᠤ ᠡᠪᠡᠰᠦ ᠬᠠᠳᠤᠵᠤ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠮᠠᠯᠴᠢᠳ ᠤᠨ ᠪᠠᠶᠢᠭᠠᠯᠢ ᠶᠢᠨ ᠡᠪᠡᠰᠦ ᠬᠠᠳᠤᠵᠤ ᠬᠠᠳᠠᠭᠠᠯᠠᠬᠤ ᠠᠵᠢᠯᠯᠠᠭ᠎ᠠ ᠶᠢ ᠴᠠᠭ ᠲᠤᠬᠠᠢ ᠳᠤᠨᠢ ᠲᠣᠭᠲᠠᠭᠠᠯ ᠶᠣᠰᠣᠭᠠᠷ ᠪᠡᠶᠡᠯᠡᠭᠦᠯᠬᠦ ᠶᠢᠨ ᠬᠠᠮᠲᠤ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠳᠬᠠᠵᠤ᠂ 2024 ᠣᠨ ᠤ ᠨᠠᠮᠤᠷ ᠤᠨ ᠤᠯᠠᠷᠢᠯ ᠤᠨ ᠡᠪᠡᠰᠦ ᠬᠠᠳᠤᠵᠤ ᠬᠠᠳᠠᠭᠠᠯᠠᠬᠤ ᠠᠵᠢᠯ ᠳᠤ ᠪᠠᠲᠤ ᠰᠠᠭᠤᠷᠢ ᠶᠢ ᠲᠠᠯᠪᠢᠨ᠎ᠠ᠃ ᠬᠠᠤᠯᠢ ᠬᠡᠷᠡᠭᠵᠢᠭᠦᠯᠬᠦ ᠬᠦᠴᠦᠨ ᠢ ᠨᠡᠶᠢᠭᠡᠮ ᠲᠣᠭᠤᠷᠢᠭ ᠲᠤ ᠳᠣᠷᠣᠭᠰᠢ ᠪᠠᠭᠤᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠳᠣᠲᠣᠭᠠᠳᠤ ᠳᠤ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠦᠶᠯᠡ ᠠᠵᠢᠯᠯᠠᠭ᠎ᠠ᠂ ᠬᠠᠰᠢᠶᠠᠯᠠᠨ ᠲᠡᠵᠢᠭᠡᠵᠦ ᠮᠠᠯ ᠬᠠᠷᠢᠭᠤᠯᠬᠤ ᠦᠶᠯᠡ ᠠᠵᠢᠯᠯᠠᠭ᠎ᠠ᠂ ᠫᠠᠶᠢᠰᠠ ᠢᠯᠡᠷᠬᠡᠶᠢᠯᠡᠯ ᠨᠢ ᠵᠢᠷᠤᠮᠵᠢᠯ ᠦᠭᠡᠢ ᠦᠶᠯᠡ ᠠᠵᠢᠯᠯᠠᠭ᠎ᠠ ᠵᠢᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠣᠷᠣᠭᠰᠢ ᠪᠠᠭᠤᠯᠭᠠᠭᠰᠠᠨ ᠰᠤᠮᠤᠨ ᠤ ᠡᠷᠬᠡ ᠶᠢᠨ ᠵᠦᠢᠯᠡᠰ ᠵᠡᠷᠭᠡ ᠶᠣᠰᠣᠭᠠᠷ ᠪᠥᠬᠦ ᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠶᠠᠪᠤᠭᠳᠠᠭᠤᠯᠤᠨ᠎ᠠ᠃      ◆ᠬᠠᠤᠯᠢ ᠬᠡᠷᠡᠭᠵᠢᠭᠦᠯᠦᠯᠲᠡ ᠶᠢᠨ ᠨᠠᠷᠢᠨ ᠲᠠᠩᠰᠠ ᠶᠢ ᠰᠠᠶᠢᠲᠤᠷ ᠰᠤᠷᠤᠯᠴᠠᠨ ᠰᠠᠶᠢᠲᠤᠷ ᠡᠮᠬᠢᠯᠡᠵᠦ᠂ ᠨᠠᠷᠢᠨ ᠲᠠᠩᠰᠠ ᠪᠠᠷ ᠭᠠᠷᠳᠠᠴᠠ ᠪᠣᠯᠭᠠᠵᠤ᠂ ᠲᠤᠰᠢᠶᠠᠯ ᠬᠠᠷᠢᠭᠤᠴᠠᠯᠭ᠎ᠠ ᠭᠦᠢᠴᠡᠳᠬᠡᠭᠰᠡᠨ ᠦᠭᠡᠢ᠂ ᠬᠢᠨᠠᠨ ᠬᠠᠮᠢᠶᠠᠷᠤᠯᠲᠠ ᠪᠠᠷ ᠰᠤᠯᠠ ᠪᠠᠶᠢᠬᠤ᠂  ᠲᠣᠷᠭᠠᠭᠤᠯᠢ ᠪᠠᠷ ᠴᠢᠩᠭ᠎ᠠ ᠪᠢᠰᠢ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ︔ ᠮᠠᠨ ᠤ ᠰᠤᠮᠤᠨ ᠤ ᠤᠷᠢᠵᠤ ᠬᠡᠷᠡᠭᠯᠡᠭᠰᠡᠨ ᠬᠠᠤᠯᠢᠴᠢ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠡᠷᠡᠭ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠵᠥᠷᠢᠴᠡᠭᠰᠡᠨ ᠢ ᠪᠠᠶᠢᠴᠠᠭᠠᠨ ᠰᠢᠢᠳᠪᠦᠷᠢᠯᠡᠬᠦ᠂ ᠭᠡᠷᠡᠴᠢ ᠪᠠᠷᠢᠮᠲᠠ ᠴᠤᠭᠯᠠᠭᠤᠯᠬᠤ᠂ ᠪᠢᠴᠢᠭ ᠬᠠᠷ᠎ᠠ ᠶᠢ ᠬᠤᠷᠢᠭᠯᠠᠬᠤ ᠪᠠ ᠬᠦᠷᠭᠡᠬᠦ ᠵᠡᠷᠭᠡ ᠡᠯ᠎ᠡ ᠭᠤᠭᠴᠤᠭ᠎ᠠ ᠶᠢ ᠪᠣᠳᠠᠲᠠᠢ ᠪᠠᠷ ᠨᠠᠷᠢᠨ ᠨᠢᠮᠪᠠᠢ ᠬᠢᠵᠦ᠂ ᠬᠡᠷᠡᠭ ᠤᠨ ᠡᠪᠬᠡᠮᠡᠯ ᠨᠢᠭᠡᠪᠦᠷᠢ ᠶᠢ ᠴᠢᠨᠠᠷ ᠰᠠᠶᠢᠲᠠᠢ ᠪᠡᠶᠡᠯᠡᠭᠦᠯᠬᠦ  ᠪᠠᠶᠠᠯᠠᠬᠦᠯᠤᠨ᠎ᠠ︔ ᠡᠯ᠎ᠡ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠨ ᠬᠠᠤᠯᠢ ᠴᠠᠭᠠᠵᠠ ᠶᠢᠨ ᠮᠡᠳᠡᠯᠭᠡ ᠶᠢᠨ ᠰᠤᠷᠤᠯᠴᠠᠯᠭ᠎ᠠ ᠶᠢ ᠥᠷᠨᠢᠭᠦᠯᠬᠦ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠲᠠᠢ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠢᠳᠡᠭᠡᠰᠢᠭᠦᠯᠦᠨ ᠨᠡᠪᠲᠡᠷᠡᠯᠴᠡᠭᠦᠯᠬᠦ ᠪᠠᠷ ᠪᠠᠷᠠᠬᠤ ᠦᠭᠡᠢ᠂ ᠪᠠᠰᠠ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠲᠠᠢ ᠨᠡᠪᠲᠡᠷᠡᠯᠴᠡᠬᠦ ᠠᠷᠭ᠎ᠠ ᠮᠠᠶ᠋ᠢᠭ ᠠᠷᠭ᠎ᠠ ᠪᠠᠷᠢᠯ ᠢ ᠡᠷᠬᠢᠮᠯᠡᠵᠦ᠂ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠲᠠᠬᠡᠭᠰᠢᠯᠠᠬᠦᠯᠤᠨ᠎ᠠ︔ ᠬᠠᠤᠯᠢ ᠬᠡᠷᠡᠭᠵᠢᠭᠦᠯᠬᠦ ᠡᠩᠨᠡᠭᠡᠨ ᠤ ᠬᠠᠮᠢᠶᠠᠷᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠩᠨᠡᠭᠡᠨ ᠤ ᠰᠤᠷᠲᠠᠯ ᠰᠠᠬᠢᠯᠭ᠎ᠠ ᠪᠠᠲᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号