ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
      1ᠰᠠᠷ᠎ᠠ ᠶᠢᠨ 15 ᠤ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ  ᠤ ᠤᠳᠤᠷᠢᠳᠬᠤ ᠪᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠭᠢᠯᠡᠪᠡ  ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠵᠢᠶᠠ ᠸᠧᠨ ᠽᠦᠩ᠂ ᠠᠶᠢᠮᠠᠭ ᠤᠨ ᠨᠠᠮ ᠤᠨ ᠬᠤᠷᠢᠶᠠᠨ ᠤ ᠳᠥᠷᠪᠡᠳᠦᠭᠡᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠰᠦ᠋ ᠪᠣᠣ ᠢᠦᠢ ᠨᠡᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ  ᠃      ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠬᠢᠩᠭᠠᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠬᠦ ᠶᠢᠨ ᠬᠠᠮᠲᠤ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠭᠰᠠᠨ ᠪᠠᠶᠢᠴᠠᠭᠠᠯᠲᠠ ᠶᠢᠨ ᠶᠠᠷᠢᠶ᠎ᠠ ᠲᠠᠯᠪᠢᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠢᠭᠡᠳ ᠨᠢᠭᠡ ᠪᠠᠷ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ  ᠃      ᠵᠢᠶᠠ ᠸᠧᠨ ᠽᠦᠩ ᠴᠢᠬᠤᠯᠠᠴᠢᠯᠠᠭᠰᠠᠨ ᠨᠢ᠂ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠭᠦᠢᠴᠡᠳ᠂ ᠬᠤᠷᠠᠯ ᠤᠨ ᠶᠠᠪᠤᠴᠠ ᠲᠥᠪ ᠴᠢᠩᠭ᠎ᠠ ᠨᠠᠷᠢᠨ ᠬᠢᠨᠠᠮᠠᠭᠠᠶ ᠪᠠᠶᠢᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠴᠢᠭᠯᠡᠯ ᠢᠶᠠᠨ ᠲᠣᠳᠣᠷᠬᠠᠶᠢᠯᠠᠬᠤ᠂ ᠬᠦᠴᠦᠨ ᠢᠶᠠᠨ ᠨᠢᠭᠲᠠᠷᠠᠭᠤᠯᠬᠤ ᠵᠣᠷᠢᠯᠭ᠎ᠠ ᠳᠠᠭᠠᠨ ᠬᠦᠷᠴᠡᠶ᠃ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠰᠢᠨ᠎ᠡ ᠬᠥᠭᠵᠢᠯᠲᠡ  ᠶᠢᠨ ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠨ᠂ ᠦᠶᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠲᠡᠦᠬᠡ ᠶᠢᠨ ᠠᠵᠠ ᠲᠣᠬᠢᠶᠠᠯ ᠢ ᠡᠵᠡᠮᠳᠡᠵᠦ᠂ ᠪᠥᠬᠦ ᠤᠯᠤᠰ ᠪᠥᠬᠦ ᠣᠷᠣᠨ ᠤ ᠲᠣᠮᠣ ᠵᠠᠬ᠎ᠠ ᠳᠡᠯᠭᠡᠭᠦᠷ ᠲᠤ ᠭᠦᠨᠵᠡᠭᠡᠶᠢᠷᠡᠨ ᠠᠵᠠ ᠲᠣᠬᠢᠶᠠᠯ ᠢ ᠡᠷᠢᠵᠦ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠢᠳᠦ ᠪᠠᠨ ᠨᠡᠭᠡᠭᠡᠨ ᠳᠡᠯᠡᠬᠡᠶ ᠶᠢᠷᠲᠢᠨᠴᠦ ᠶᠢ ᠠᠵᠢᠭᠯᠠᠬᠤ ᠶᠢ ᠰᠤᠷᠴᠤ᠂ ᠬᠠᠩᠭᠠᠯᠭ᠎ᠠ ᠶᠢᠨ ᠬᠡᠯᠬᠢᠶ᠎ᠡ ᠠᠵᠤ ᠦᠶᠯᠡᠰ  ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠣᠷᠣᠨ ᠪᠠᠶᠢᠷᠢ ᠶᠢ ᠴᠢᠷᠮᠠᠶᠢᠨ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ︿︿ᠰᠢᠨ᠎ᠡ ᠵᠠᠮ ᠨᠡᠭᠡᠭᠡᠨ ᠤᠷᠤᠭᠰᠢᠯᠠᠬᠤ﹀﹀ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ  ᠃ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠮᠠᠯ ᠠᠵᠤ ᠠᠬᠤᠢ ᠶᠢᠨ ᠣᠳᠣᠬᠢᠴᠢᠯᠠᠯᠲᠠ ᠪᠣᠯᠤᠨ ᠣᠳᠣᠬᠢᠴᠢᠯᠠᠭᠰᠠᠨ ᠮᠠᠯ ᠠᠵᠤ ᠠᠬᠤᠢ ᠵᠡᠷᠭᠡ ᠬᠤᠶᠠᠷ ᠲᠠᠯ᠎ᠠ ᠪᠠᠷ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠣᠳᠣᠬᠢᠴᠢᠯᠠᠭᠰᠠᠨ ᠬᠠᠮᠢᠶᠠᠷᠤᠯᠲᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠬᠤᠷᠣᠭᠳᠠᠯ ᠪᠠᠭ᠎ᠠ ᠬᠠᠷᠠᠯᠲᠠ ᠶᠢ ᠪᠡᠶᠡᠯᠡᠭᠦᠯᠬᠦ ᠪᠠᠷ ᠲᠠᠮᠵᠢᠨ ᠨᠡᠩ ᠶᠡᠭᠡ ᠠᠰᠢᠭ ᠣᠯᠵᠠᠪᠤᠷᠢ ᠤᠯᠬᠤ ᠬᠡᠷᠡᠭᠲᠡᠢ᠃ ᠪᠣᠭᠤᠮᠲᠠ ᠶᠢᠨ ᠬᠥᠭᠵᠢᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠬᠤᠲᠠ ᠪᠠᠯᠭᠠᠰᠤᠨ ᠤ ᠠᠵᠤ ᠠᠬᠤᠢ ᠶᠢᠨ ᠬᠥᠭᠵᠢᠯᠲᠡ  ᠶᠢᠨ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠤᠷᠮ᠎ᠠ ᠰᠡᠳᠬᠢᠯᠭᠡ ᠪᠠ ᠠᠮᠢᠵᠢᠷᠠᠯ  ᠤᠨ ᠬᠦᠴᠦᠨ ᠢ ᠭᠦᠢᠴᠡᠳ ᠬᠥᠭᠵᠢᠭᠡᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠬᠦᠴᠦ ᠪᠠᠨ ᠲᠥᠪᠯᠡᠷᠡᠭᠦᠯᠦᠨ ᠡᠮᠦᠨ᠎ᠡ ᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃      ᠰᠦ᠋ ᠪᠣᠣ ᠢᠦᠢ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠤᠨ ᠣᠯᠤᠭᠰᠠᠨ ᠦᠷ᠎ᠡ ᠪᠦᠲᠦᠮᠵᠢ ᠶᠢ ᠭᠦᠶᠴᠡᠳ ᠨᠤᠲᠠᠯᠠᠵᠤ᠂  ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶᠠᠨ ᠤ ᠤᠳᠤᠷᠢᠳᠬᠤ ᠪᠠᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ᠂ ᠬᠤᠶᠠᠷ ᠶᠡᠭᠡ ᠶᠠᠪᠤᠳᠠᠯ ᠢ ᠲᠥᠪᠯᠡᠷᠡᠭᠦᠯᠦᠨ ᠰᠠᠶᠢᠲᠤᠷ ᠬᠢᠬᠦ ᠲᠠᠯ᠎ᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ︿︿ᠰᠢᠨ᠎ᠡ ᠵᠠᠮ ᠨᠡᠭᠡᠭᠡᠨ ᠤᠷᠤᠭᠰᠢᠯᠠᠬᠤ﹀﹀ ᠬᠠᠷᠠᠯᠲᠠ ᠶᠢ ᠪᠡᠶᠡᠯᠡᠭᠦᠯᠬᠦ᠂ ᠣᠳᠣᠬᠢᠴᠢᠯᠠᠭᠰᠠᠨ ᠰᠢᠯᠢ ᠶᠢᠨ ᠭᠤᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ᠃      ᠬᠢᠩᠭᠠᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠣᠪᠣᠷ ᠢᠶᠠᠨ ᠢᠯᠡᠳᠬᠡᠬᠦ ᠳᠡᠭᠡᠨ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠪᠠᠷ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠷᠠᠳᠴᠢᠯᠠᠯ ᠠᠮᠢᠳᠤᠷᠠᠯ ᠤᠨ ᠬᠤᠷᠠᠯ ᠤᠨ ︿︿ᠰᠡᠭᠦᠯᠴᠢ ᠶᠢᠨ ᠠᠵᠢᠯ﹀﹀ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ ᠲᠠᠶᠢᠯᠪᠤᠷᠢᠯᠠᠬᠤ ᠪᠣᠯᠣᠨ᠎ᠠ ᠭᠡᠵᠡᠢ  ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠪᠣᠯᠣᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠤᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号