ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
      1 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃      ᠬᠢᠩᠭᠠᠨ  ᠶᠠᠷᠢᠶᠠᠨ ᠳᠠᠭᠠᠨ ᠵᠢᠭᠠᠭᠰᠠᠨ ᠨᠢ᠂ ᠲᠣᠰ ᠤᠳᠠᠭ᠎ᠠ ᠶᠢᠨ ᠶᠡᠭᠡ ᠬᠤᠷᠠᠯ ᠨᠢ ᠭᠤᠤᠯᠳᠠᠭᠤ ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠭᠡᠰᠢᠭᠦᠳ ᠢ ᠳᠠᠶᠢᠴᠢᠯᠠᠨ ᠦᠵᠡᠯ ᠰᠠᠨᠠᠭ᠎ᠠ ᠲᠠᠨᠢᠯᠲᠠ  ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠢ ᠭᠦᠶᠴᠡᠳ       ᠪᠠᠳᠠᠷᠠᠭᠤᠯᠵᠤ᠂ ᠪᠤᠰᠤᠳ ᠲᠥᠯᠥᠭᠡᠯᠡᠭᠴᠢ᠂ ᠭᠡᠰᠢᠭᠦᠳ ᠢ ᠪᠦᠯᠬᠦᠮᠳᠡᠭᠦᠯᠦᠨ ᠳᠠᠶᠢᠴᠢᠯᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠣᠯᠤᠨ ᠴᠢᠩᠭ᠎ᠠ ᠵᠣᠬᠢᠶᠠᠨ ᠪᠠᠶᠢᠭᠤᠯᠤᠯᠳᠠᠲᠤ ᠴᠢᠨᠠᠷ᠂ ᠰᠠᠬᠢᠯᠭ᠎ᠠ ᠪᠠᠲᠤᠴᠢ ᠴᠢᠨᠠᠷ ᠢᠶᠠᠷ ︽ᠬᠤᠶᠠᠷ ᠬᠤᠷᠠᠯ︾ ᠤᠨ ᠤᠷᠢᠳᠴᠢᠯᠠᠨ ᠲᠣᠭᠲᠠᠭᠠᠭᠰᠠᠨ ᠡᠯ᠎ᠡ ᠵᠦᠶᠯ ᠤᠨ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠵᠦ᠂ ᠬᠤᠷᠠᠯ ᠤᠨ ᠲᠡᠭᠦᠰ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠤᠨ᠎ᠠ ᠭᠡᠪᠡ  ᠃      ᠬᠢᠩᠭᠠᠨ ᠱᠠᠭᠠᠷᠳᠠᠬᠤ ᠳᠠᠭᠠᠨ᠂ ᠨᠠᠮ ᠤᠨ ᠬᠡᠰᠢᠭᠦᠨ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠥᠪᠯᠯᠡᠭᠡᠨ ᠤ ᠭᠡᠰᠢᠭᠦᠳ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠤᠯᠭᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠪᠤᠯᠤᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠶᠡᠭᠡ ᠬᠤᠷᠠᠯ ᠤᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠤᠷᠤᠯᠴᠠᠵᠤ᠂ ᠨᠠᠮ ᠪᠤᠰᠤ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠥᠪᠯᠯᠡᠭᠡᠨ ᠤ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠳᠡᠭᠡᠷ᠎ᠡ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠶᠡᠭᠡ ᠬᠤᠷᠠᠯ ᠢ ᠦᠨᠡᠨ ᠬᠦ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ᠂ ᠡᠷᠴᠢ ᠵᠣᠷᠢᠭ ᠢᠶᠠᠨ ᠬᠥᠭᠵᠢᠭᠡᠬᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠶᠡᠭᠡ ᠬᠤᠷᠠᠯ ᠪᠤᠯᠭᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠦᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠨᠠᠮ ᠪᠠ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠭᠦᠢᠴᠡᠳᠬᠡᠵᠦ᠂ ᠬᠡᠬᠦᠳᠡᠭ ᠳᠦᠭᠦᠷᠡᠩ ᠤᠯᠤᠰ ᠲᠥᠷᠥ ᠶᠢᠨ ᠤᠷᠮ᠎ᠠ ᠰᠡᠳᠬᠢᠯᠭᠡ ᠪᠠ‌‍ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠲᠥᠯᠥᠭᠡᠯᠡᠭᠴᠢᠳ ᠤᠨ ᠪᠦᠯᠬᠦᠮ ᠪᠤᠯᠤᠨ ᠪᠠᠭ᠎ᠠ ᠳᠤᠭᠤᠶᠢᠯᠠᠩ ᠤᠨ ᠪᠤᠰᠤᠳ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠬᠡᠰᠢᠭᠦᠳ ᠢ ᠢᠳᠡᠪᠬᠢᠲᠡᠢ ᠬᠥᠲᠥᠯᠥᠨ ᠵᠢᠯᠤᠭᠤᠳᠴᠤ᠂ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠤᠨ᠂ ᠢᠯᠡᠳᠬᠡᠯ ᠢ ᠦᠨᠡᠨ ᠬᠦ ᠰᠠᠶᠢᠲᠤᠷ ᠵᠠᠰᠠᠵᠤ᠂ ᠰᠠᠶᠢᠲᠤᠷ ᠲᠡᠭᠦᠯᠳᠡᠷᠵᠢᠭᠦᠯᠵᠦ᠂ ᠬᠢᠨᠠᠨ ᠵᠦᠪᠯᠡᠬᠦ ᠶᠠᠪᠤᠴᠠ ᠶᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠣᠯᠠᠨ ᠤ ᠤᠬᠠᠭᠠᠨ ᠬᠠᠮᠲᠤ ᠶᠢᠨ ᠬᠦᠴᠦᠨ ᠤ ᠶᠠᠪᠤᠴᠠ ᠪᠤᠯᠭᠠᠵᠤ᠂ ᠡᠯ᠎ᠡ ᠵᠦᠶᠯ ᠤᠨ ᠢᠯᠡᠳᠬᠡᠯ ᠤᠨ ᠬᠥᠭᠵᠢᠯᠲᠡ ᠶᠢᠨ ᠬᠠᠷᠠᠯᠲᠠ ᠶᠢ ᠨᠠᠩ ᠰᠢᠨᠵᠢᠯᠡᠬᠦ ᠤᠬᠠᠭᠠᠨᠴᠢ᠂ ᠠᠵᠢᠯ ᠤᠨ ᠰᠡᠳᠬᠢᠴᠡ ᠶᠢ ᠨᠠᠩ ᠲᠡᠭᠦᠯᠳᠡᠷ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠩ ᠬᠦᠴᠦᠲᠡᠶ ᠪᠤᠯᠭᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠮᠠᠯ ᠠᠵᠤ ᠠᠬᠤᠶ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ ᠨᠡᠶᠢᠭᠡᠮ ᠤᠨ ᠵᠠᠰᠠᠯᠲᠠ ᠵᠡᠷᠭᠡ ᠲᠠᠯ᠎ᠠ  ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠠᠵᠢᠯ ᠤᠯᠭᠤᠵᠤ ᠦᠶᠯᠡᠰ ᠪᠤᠰᠬᠠᠬᠤ᠂ ᠰᠤᠷᠭᠠᠨ ᠬᠥᠮᠦᠵᠢᠯ ᠡᠮ ᠡᠮᠨᠡᠯᠭᠡ᠂ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠵᠡᠷᠭᠡ ᠣᠯᠠᠨ ᠲᠦᠮᠡᠨ  ᠤ ᠠᠩᠬᠠᠷᠤᠨ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠬᠦᠭᠵᠢᠭᠦᠯᠬᠦ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠬᠥᠭᠵᠢᠯᠲᠡ ᠶᠢ ᠠᠬᠢᠭᠤᠯᠬᠤ ᠠᠷᠭ᠎ᠠ ᠪᠣᠳᠣᠯᠭ᠎ᠠ ᠶᠢ ᠥᠷᠭᠡᠨ ᠢᠶᠠᠷ ᠳᠡᠪᠰᠢᠭᠦᠯᠵᠦ᠂ ᠲᠦᠷᠭᠡᠨ ᠬᠦᠭᠵᠢᠭᠦᠯᠬᠦ ᠠᠷᠭ᠎ᠠ ᠪᠣᠳᠣᠯᠭ᠎ᠠ ᠶᠢ ᠭᠦᠨᠵᠡᠭᠡᠶ ᠰᠦᠪᠡᠭᠴᠢᠯᠡᠵᠦ᠂ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠬᠦ᠂ ᠬᠥᠭᠵᠢᠯᠲᠡ ᠶᠢ ᠬᠠᠮᠲᠤ ᠪᠠᠷ ᠪᠣᠳᠣᠯᠬᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭᠲᠡᠶ ᠭᠡᠵᠡᠢ  ᠃      ᠬᠤᠷᠠᠯ ᠠᠴᠠ᠂ ︽ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠪᠠ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠤ ᠲᠦᠷ ᠴᠠᠭ ᠤᠨ ᠨᠠᠮ ᠤᠨ ᠬᠤᠷᠢᠶ᠎ᠠ᠂ ᠲᠦᠷ ᠴᠠᠭ ᠤᠨ ᠨᠠᠮ ᠤᠨ ᠡᠭᠦᠷ ᠢ ᠪᠠᠶᠢᠭᠤᠯᠬᠤ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号