ᠠᠯᠲᠠᠨᠬᠢᠯᠢ ᠰᠤᠮᠤᠨ ᠤ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ 2023 ᠤᠨ ᠳᠤ ᠨᠠᠮ ᠤᠨ ᠪᠠᠶᠢᠭᠤᠯᠤᠯᠲᠠ ᠪᠠᠷ ᠦᠢᠯᠡᠴᠢᠯᠡᠭᠡ ᠶᠢ ᠶᠡᠷᠦᠩᠬᠡᠶᠢᠯᠡᠨ ᠵᠢᠯᠤᠭᠤᠳᠴᠤ᠂ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/1/24
      2023 ᠣᠨ ᠳᠤ᠂ ᠠᠯᠲᠠᠨᠬᠢᠯᠢ ᠰᠤᠮᠤᠨ ᠤ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠨᠠᠮ ᠤᠨ ᠭᠡᠰᠢᠭᠦᠨ ᠤᠯᠠᠨ ᠲᠦᠮᠡᠨ ᠲᠠᠢ ᠬᠠᠷᠢᠯᠴᠠᠬᠤ᠂ ᠤᠬᠠᠭᠤᠯᠬᠤ᠂ ᠦᠢᠯᠡᠴᠢᠯᠡᠬᠦ᠂ ᠬᠥᠲᠥᠯᠥᠨ ᠳᠠᠭᠠᠭᠤᠯᠬᠤ ᠪᠠᠷ ᠦᠨᠳᠦᠰᠦᠨ ᠡᠭᠦᠷᠭᠡ ᠴᠢᠳᠠᠪᠬᠢ ᠪᠠᠨ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡ ᠶᠢ ᠴᠢᠩᠭᠠᠳᠬᠠᠬᠤ᠂ ᠡᠬᠢ ᠪᠠᠶᠠᠯᠢᠭ ᠢ  ᠨᠢᠬᠡᠳᠬᠡᠬᠦ ᠪᠠᠷ ᠭᠤᠣᠯᠳᠠᠯᠭ᠎ᠠ ᠪᠣᠯᠭᠠᠨ᠂ ︽ᠨᠠᠮ ᠤᠨ ᠰᠡᠳᠬᠢᠯ ᠢᠶᠠᠷ ᠠᠷᠠᠳ ᠤᠨ ᠰᠡᠳᠬᠢᠯ ᠢ ᠨᠢᠭᠲᠠᠷᠠᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ︾ ᠪᠠᠷ ᠵᠣᠷᠢᠯᠲᠠ ᠪᠣᠯᠭᠠᠵᠤ᠂ ᠡᠯ᠎ᠡ ᠵᠦᠢᠯ ᠤᠨ ᠠᠵᠢᠯ ᠢ  ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠨᠠᠮ ᠠᠴᠠ ᠦᠨᠳᠦᠰᠦᠨ ᠱᠠᠲᠤ ᠶᠢ ᠤᠳᠤᠷᠢᠳᠬᠤ ᠪᠠᠲᠤ ᠴᠢᠩᠭ᠎ᠠ ᠰᠠᠭᠤᠷᠢᠨ ᠭᠠᠵᠠᠷ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠦᠢᠯᠡᠴᠢᠯᠡᠭᠡ ᠶᠢ ᠶᠡᠷᠦᠩᠬᠡᠶᠢᠯᠡᠨ ᠵᠢᠯᠤᠭᠤᠳᠴᠤ᠂ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠪᠠ᠃      ◆ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠦᠬᠦ ᠲᠠᠯ᠎ᠠ ᠪᠠᠷ ᠳᠡᠰ ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠂ ᠠᠵᠢᠯᠯᠠᠬᠤ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠥᠭᠡᠳ  ᠵᠣᠬᠢᠰᠲᠠᠢ ᠪᠠᠷ ᠰᠢᠯᠢᠳᠡᠭᠵᠢᠭᠦᠯᠵᠦ᠂ ᠴᠢᠳᠠᠮᠵᠢᠲᠤ ᠦᠢᠯᠡᠴᠢᠯᠡᠭᠡᠨ ᠤ ᠣᠷᠣᠨ ᠬᠡᠰᠡᠭ ᠢ ᠬᠤᠪᠢᠶᠠᠷᠢᠯᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ᠂ ᠲᠤᠤᠷᠵᠢᠯ ᠤᠨ ᠵᠠᠰᠠᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠵᠡᠷᠭᠡ 8 ᠦᠢᠯᠡᠴᠢᠯᠡᠭᠡᠨ ᠤ ᠴᠣᠩᠬᠤ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠬᠠᠮᠲᠤ ᠪᠠᠷ ᠵᠠᠰᠠᠬᠤ᠂ ᠨᠠᠮ ᠤᠨ ᠬᠡᠰᠢᠬᠦᠨ ᠪᠠ ᠤᠯᠠᠨ ᠲᠦᠮᠠᠨ ᠤ ᠰᠠᠳᠬᠢᠯ ᠤᠨ ᠬᠤᠯᠪᠤᠭᠠᠨ ᠤ ᠦᠢᠯᠡᠴᠢᠯᠡᠭᠡ ᠵᠡᠷᠭᠡ ᠲᠠᠪᠤᠨ ᠴᠢᠳᠠᠮᠵᠢᠲᠤ ᠣᠷᠣᠨ ᠢ ᠬᠤᠪᠢᠶᠠᠷᠢᠯᠠᠵᠤ᠂ ᠡᠬᠦᠨ ᠤ ᠬᠠᠮᠲᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢ ᠬᠦᠯᠢᠶᠡᠨ ᠠᠪᠬᠤ ᠠᠵᠢᠯ ᠢ ᠦᠨᠳᠦᠰᠦᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ ᠵᠡᠷᠭᠡ ︽ᠨᠢᠭᠡ ᠥᠷᠲᠡᠭᠡᠨ ᠤ ᠦᠢᠯᠡᠴᠢᠯᠡᠭᠡ︾ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠰᠤᠮᠤᠨ ᠤ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠣᠷᠣᠭᠤᠯᠤᠨ ᠲᠥᠪᠯᠡᠷᠡᠭᠦᠯᠦᠨ ᠭᠦᠢᠴᠡᠳᠬᠡᠵᠦ᠂ 17 ᠵᠠᠰᠠᠭ ᠵᠠᠬᠢᠷᠭᠠᠨ ᠤ ᠡᠷᠬᠡ ᠶᠢᠨ ᠦᠢᠯᠡᠴᠢᠯᠡᠭᠡᠨ ᠤ ᠵᠦᠢᠯᠡᠰ᠂ 29 ᠨᠠᠮ ᠵᠠᠰᠠᠭ ᠤᠨ ᠪᠠᠶᠢᠭᠤᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠵᠦ᠂ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠦᠪ ᠨᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠪᠠᠶᠠᠯᠠᠬᠦᠯᠪᠠ᠃      ◆ ︽ᠳᠠᠷᠤᠶᠢᠬᠠᠨ ᠭᠦᠢᠴᠡᠳᠬᠡᠵᠤ᠂ ᠰᠠᠶᠢᠲᠤᠷ ᠭᠦᠢᠴᠡᠳᠬᠡᠬᠦ︾ ᠪᠠᠷ ᠵᠠᠷᠴᠢᠮ ᠪᠣᠯᠭᠠᠵᠤ᠂ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠤᠨ ᠤ ᠭᠤᠤᠯᠲᠠᠯᠭᠠᠲᠤ ᠠᠵᠢᠯ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠵᠡᠷᠭᠡ ᠠᠵᠢᠯ ᠯᠤᠭ᠎ᠠ ᠪᠦᠲᠦᠮᠵᠢᠲᠡᠶ ᠤᠶᠠᠯᠳᠤᠭᠤᠯᠵᠤ᠂  ᠮᠠᠯᠵᠢᠬᠤ ᠡᠷᠦᠬᠡ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠩᠭᠠᠪᠠ︔ 17 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠦᠰᠢᠭᠯᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠨᠠᠰᠤᠵᠢᠯ ᠤᠨ ᠲᠠᠭᠠᠳᠬᠠᠯ᠂ ᠬᠥᠳᠡᠯᠮᠦᠷᠢ ᠶᠢᠨ ᠦᠢᠯᠡᠴᠢᠯᠡᠭᠡ᠂ ᠪᠣᠯᠪᠠᠰᠤᠨ ᠰᠤᠷᠲᠠᠯ ᠤᠨ ᠬᠦᠮᠤᠵᠢᠯ ᠵᠡᠷᠭᠡ ᠡᠯ᠎ᠡ ᠲᠥᠷᠥᠯ ᠤᠨ ᠦᠢᠯᠡᠴᠢᠯᠡᠭᠡᠨ ᠤ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠲᠤᠰᠬᠠᠶᠢᠵᠢᠭᠤᠯᠬᠤ᠂ ᠪᠠᠶᠢᠩᠭᠤᠵᠢᠭᠤᠯᠬᠤ᠂ ᠣᠨᠴᠠᠯᠢᠬᠵᠢᠭᠤᠯᠬᠤ ᠳᠠᠰᠢ ᠠᠬᠢᠭᠤᠯᠬᠤ ᠶᠢ ᠪᠠᠶᠠᠯᠠᠬᠦᠯᠪᠠ︔  ︽ᠨᠠᠮ ᠤᠨ ᠠᠴᠢ ᠶᠢ ᠲᠠᠯᠠᠷᠠᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ︽ᠬᠠᠪᠰᠤᠷᠤᠨ ᠬᠢᠵᠦ ᠣᠷᠣᠯᠠᠨ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠠᠶᠢᠷᠢᠯᠠᠭᠤᠯᠤᠯᠲᠠ ᠵᠢᠴᠢ ᠪᠤᠯᠪᠠᠰᠤᠷᠠᠯ ᠤᠨ ᠬᠤᠷᠠᠯ ᠢ ᠬᠤᠷᠠᠯᠳᠤᠭᠤᠯᠵᠤ᠂ ᠬᠠᠪᠰᠤᠷᠤᠨ ᠬᠢᠵᠦ ᠣᠷᠣᠯᠠᠨ ᠭᠦᠢᠴᠡᠳᠬᠡᠬᠦ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 30 ᠭᠠᠷᠤᠢ ᠤᠳᠠᠭ᠎ᠠ        ᠥᠷᠨᠢᠭᠦᠯᠵᠦ᠂ 1000 ᠭᠠᠷᠤᠢ ᠮᠠᠯᠴᠢᠨ ᠲᠦᠮᠠᠨ ᠠᠰᠢᠭ ᠬᠦᠷᠲᠡᠭᠡᠪᠡ︔ ᠨᠠᠮ ᠤᠨ ᠭᠡᠰᠢᠭᠦᠨ ᠭᠤᠤᠯᠯᠠᠬᠤ ᠡᠷᠦᠬᠡ ᠶᠢᠨ ︽ᠠᠨᠠᠷ ᠤᠨ ᠬᠢᠴᠢᠶᠡᠯ ᠤᠨ ᠲᠠᠩᠬᠢᠮ︾᠂ ︽ᠲᠠᠯ᠎ᠠ ᠨᠤᠲᠤᠭ ᠤᠨ ᠨᠣᠮ ᠤᠨ ᠦᠷᠦᠭᠡ︾᠂        ︽ᠵᠠᠯᠠᠭᠤᠴᠤᠳ ᠤᠨ ᠠᠶᠢᠯ︾᠂ ︽ᠪᠢᠴᠢᠯ ᠦᠢᠯᠡᠴᠢᠯᠡᠭᠡ︾ ᠶᠢᠨ ᠲᠠᠶᠢᠯᠤᠮᠵᠢ ᠵᠡᠷᠭᠡ  ᠰᠠᠭᠤᠷᠢᠨ ᠭᠠᠵᠠᠷ ᠤᠨ ᠬᠦᠴᠦᠨ ᠢ ᠠᠰᠢᠭᠯᠠᠵᠤ᠂ ᠤᠯᠠᠨ ᠲᠦᠮᠡᠨᠴᠢᠯᠡᠭᠰᠡᠨ᠂ ᠬᠠᠷᠢᠯᠴᠠᠨ ᠬᠥᠳᠡᠯᠦᠯᠴᠡᠭᠰᠡᠨ ᠤᠬᠠᠭᠤᠯᠤᠨ ᠲᠠᠶᠢᠯᠪᠤᠷᠢᠯᠠᠯᠲᠠ ᠶᠢ 20 ᠭᠠᠷᠤᠢ ᠲᠠᠯᠠᠪᠠᠢ ︵ᠤᠳᠠᠭ᠎ᠠ︶ ᠥᠷᠨᠢᠭᠦᠯᠵᠦ᠂ ᠬᠦᠯᠢᠶᠡᠨ ᠠᠪᠤᠭᠴᠢᠳ ᠤᠨ ᠲᠤᠭ᠎ᠠ 2500 ᠭᠠᠷᠤᠢ ᠬᠥᠮᠥᠨ ᠤᠳᠠᠭ᠎ᠠ ᠳᠤ ᠬᠦᠷᠴᠦ᠂ ᠰᠠᠶᠢᠨ ᠶᠠᠪᠤᠳᠠᠯ ᠪᠣᠳᠠᠲᠠᠢ ᠶᠠᠪᠤᠳᠠᠯ ᠢ ᠦᠨᠡᠨᠬᠦ ᠤᠯᠠᠨ ᠲᠦᠮᠡᠨ ᠤ ︽ᠰᠡᠳᠬᠢᠯ︾ ᠳᠤ ᠬᠦᠷᠭᠡᠪᠠ᠃      ◆ᠪᠥᠬᠦ ᠰᠤᠮᠤᠨ ᠤ ︽1+4+12︾ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠰᠠᠭᠤᠷᠢᠨ ᠭᠠᠵᠠᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠮᠤ᠂ ᠭᠠᠴᠠᠭ᠎ᠠ ᠬᠤᠶᠠᠷ ᠱᠠᠲᠤᠨ ᠤ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠠ 12 ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ ᠶᠢ ᠰᠢᠯᠢᠳᠡᠭᠵᠢᠭᠦᠯᠦᠨ᠂ ᠰᠤᠮᠤ᠂ ᠭᠠᠴᠠᠭ᠎ᠠ᠂ ᠨᠠᠮ ᠤᠨ ᠭᠡᠰᠢᠭᠦᠨ ᠭᠤᠤᠯᠯᠠᠬᠤ ᠡᠷᠦᠬᠡ ᠭᠤᠷᠪᠠᠨ ᠱᠠᠲᠤᠨ ᠤ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠥᠬᠦ ᠣᠷᠣᠨ ᠪᠦᠰᠡᠴᠢᠯᠡᠯᠲᠡ ᠶᠢ ᠪᠡᠶᠡᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠪᠡ  ︔ ︽ᠨᠢᠭᠡ ᠡᠷᠦᠬᠡ ᠨᠢᠭᠡ ᠣᠷᠣᠨ ᠰᠠᠭᠤᠴᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠭᠠᠴᠠᠭᠠᠨ ᠳᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠲᠤᠨᠢ ᠬᠠᠶᠢᠨ ᠬᠡᠮᠵᠢᠬᠦ ᠵᠢᠴᠢ ᠲᠥᠷᠥᠯ ᠬᠤᠪᠢᠶᠠᠨ ᠬᠢᠨᠠᠨ ᠵᠥᠪᠰᠢᠶᠡᠷᠡᠬᠦ ᠶᠢ ᠲᠥᠪᠯᠡᠷᠡᠭᠦᠯᠦᠨ ᠭᠦᠢᠴᠡᠳᠬᠡᠬᠦ ᠠᠵᠢᠯ ᠢ ᠥᠷᠨᠢᠭᠦᠯᠵᠦ᠂ 2023 ᠤᠨ ᠳᠤ 112 ᠡᠷᠦᠬᠡ ᠶᠢᠨ ᠣᠷᠣᠨ ᠰᠠᠭᠤᠴᠠ ᠶᠢᠨ ᠭᠠᠵᠠᠷ᠂ 136 ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠵᠦ᠂ 4  ᠭᠠᠴᠠᠭᠠᠨ ᠤ ᠣᠷᠣᠨ ᠰᠠᠭᠤᠴᠠ ᠶᠢᠨ ᠭᠠᠵᠠᠷ ᠢ ᠳᠠᠩᠰᠠᠯᠠᠬᠤ ᠠᠵᠢᠯ ᠢ ᠴᠥᠮ ᠳᠠᠭᠤᠰᠬᠠᠪᠠ︔ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠬᠠᠮᠤᠭ  ᠤᠨ ᠨᠠᠭᠠᠲᠤ ᠵᠠᠬ᠎ᠠ ᠠᠮᠢᠳᠤᠷᠠᠯ ᠤᠨ ᠪᠠᠲᠤᠯᠠᠭ᠎ᠠ ᠶᠢ 29 ᠡᠷᠦᠬᠡ 51 ᠬᠥᠮᠥᠨ ᠳᠤ ᠬᠡᠷᠡᠭᠵᠢᠭᠦᠯᠵᠦ᠂ 20.5 ᠲᠦᠮᠡᠨ ᠲᠥᠭᠦᠷᠢᠭ ᠲᠠᠷᠬᠠᠭᠠᠵᠤ᠂ ᠲᠦᠷ ᠴᠠᠭ ᠤᠨ ᠠᠪᠤᠷᠠᠨ ᠲᠤᠰᠠᠯᠠᠯᠲᠠ ᠶᠢ 2 ᠡᠷᠦᠬᠡ 7 ᠬᠥᠮᠥᠨ ᠳᠤ ᠣᠯᠭᠤᠵᠤ᠂ 4300 ᠲᠥᠭᠦᠷᠢᠭ ᠤᠨ ᠪᠡᠯᠡ ᠮᠥᠩᠭᠦ ᠶᠢ ᠲᠠᠷᠬᠠᠭᠠᠵᠤ᠂ ᠥᠨᠳᠥᠷ ᠨᠠᠰᠤᠨ ᠤ ᠨᠥᠬᠦᠪᠦᠷᠢ ᠶᠢ 292 ᠬᠥᠮᠥᠨ ᠤᠳᠠᠭ᠎ᠠ᠂ 2.8 ᠲᠦᠮᠡᠨ ᠲᠥᠭᠦᠷᠢᠭ ᠤᠨ ᠪᠡᠯᠡ ᠮᠥᠩᠭᠦ ᠶᠢ ᠲᠠᠷᠬᠠᠭᠠᠵᠤ᠂ ᠬᠦᠴᠦ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂  ᠠᠷᠠᠳ ᠤᠨ ᠰᠡᠳᠬᠢᠯ ᠢ ᠳᠤᠯᠠᠭᠠᠴᠠᠭᠤᠯᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号