ᠰᠠᠮᠠᠢ ᠰᠤᠮᠤ ᠨᠢ ︽ᠠᠷᠠᠳ ᠤᠨ ᠰᠠᠨᠠᠯ᠂ ᠲᠦᠯᠦᠭᠡᠯᠡᠭᠴᠢᠳ ᠤᠨ ᠪᠤᠯᠵᠤᠭ᠎ᠠ︾  ᠰᠠᠮᠠᠢ ᠰᠤᠮᠤᠨ ᠤ ᠰᠣᠩᠭᠤᠭᠤᠯᠢ ᠶᠢᠨ ᠲᠣᠭᠤᠷᠢᠭ ᠤᠨ ᠬᠤᠰᠢᠭᠤ ᠳᠡᠰ ᠤᠨ ᠠᠷᠠᠳ ᠤᠨ ᠲᠥᠯᠥᠭᠡᠯᠡᠭᠴᠢᠳ ᠤᠨ ︽ᠬᠤᠤᠰ ᠬᠠᠷᠢᠯᠴᠠᠭ᠎ᠠ︾ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/1/24
      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠠᠷᠠᠳ ᠣᠯᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠬᠤᠶᠠᠷ ᠬᠠᠷᠢᠯᠴᠠᠭ᠎ᠠ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠵᠤ ᠨᠠᠷᠢᠯᠢᠭᠵᠢᠬᠤ ᠶᠢ ᠠᠬᠢᠭᠤᠯᠬᠤ ᠶᠢᠨ ᠲᠦᠯᠦᠭᠡ᠂ 12 ᠰᠠᠷ᠎ᠠ ᠶᠢᠨ 22 ᠤᠨ ᠡᠳᠦᠷ᠂ ᠰᠠᠮᠠᠢ ᠰᠤᠮᠤᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠨᠢ ︽ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠦᠶᠯᠡᠴᠢᠯᠡᠭᠡᠨ ᠤ ᠲᠥᠪ︾ ᠲᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠢᠭᠤᠯᠵᠤ ︽ᠠᠷᠠᠳ ᠤᠨ ᠰᠠᠨᠠᠯ᠂ ᠲᠥᠯᠥᠭᠡᠯᠡᠭᠴᠢᠳ ᠤᠨ ᠪᠣᠯᠵᠤᠭ᠎ᠠ︾ ᠰᠠᠮᠠᠢ ᠰᠤᠮᠤᠨ ᠤ ᠰᠤᠩᠭᠤᠭᠤᠯᠢ ᠶᠢᠨ ᠲᠤᠭᠤᠷᠢᠭ ᠤᠨ ᠬᠤᠰᠢᠭᠤ ᠳᠡᠰ ᠤᠨ ᠠᠷᠠᠳ ᠤᠨ ᠲᠦᠯᠦᠭᠡᠯᠡᠭᠴᠢᠳ ᠤᠨ ︽ᠬᠤᠣᠰ ᠬᠠᠷᠢᠯᠴᠠᠭ᠎ᠠ︾  ᠬᠦᠳᠡᠯᠭᠡᠭᠡᠨ ᠦᠷᠨᠢᠭᠦᠯᠪᠡ᠃᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠰᠠᠬᠢᠯᠭ᠎ᠠ ᠪᠠᠲᠤ ᠪᠠᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ ᠨᠦᠬᠦᠷ᠂ ᠬᠤᠰᠢᠭᠤ ᠰᠤᠮᠤ ᠬᠤᠶᠠᠷ ᠱᠠᠲᠤᠨ ᠤ ᠬᠡᠰᠡᠭ ᠠᠷᠠᠳ ᠤᠨ ᠲᠥᠯᠥᠭᠡᠯᠡᠭᠴᠢ ᠨᠢ ᠲᠤᠰ ᠤᠳᠠᠭᠠᠨ ᠤ ᠬᠦᠳᠡᠯᠭᠡᠭᠡᠨ ᠳᠤ ᠤᠷᠤᠯᠴᠠᠵᠤ᠂ ᠰᠤᠮᠤᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠦᠬᠡᠭᠡᠷᠡᠯ ᠬᠤᠷᠠᠯ ᠢ ᠡᠷᠬᠢᠯᠡᠪᠡ᠃      ᠠᠵᠢᠯᠯᠠᠭ᠎ᠠ ᠶᠢᠨ ᠳᠤᠮᠳᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠤᠳᠤᠰᠡᠴᠡᠨ ᠨᠦᠬᠦᠷ ᠠᠴᠠ ᠲᠤᠰᠢᠶᠠᠯ ᠤᠨ ᠲᠤᠭᠠᠴᠢᠯᠲᠠ ᠬᠢᠵᠦ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠥᠯᠥᠭᠡᠯᠡᠭᠴᠢ ᠨᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠪᠥᠬᠦ ᠲᠠᠯ᠎ᠠ ᠪᠠᠷ ᠣᠯᠠᠨ ᠲᠦᠮᠡᠨ ᠤ ᠳᠤᠮᠳᠠ ᠬᠦᠡᠵᠡᠭᠡᠶᠢᠷᠡᠨ᠂ ᠣᠯᠠᠨ ᠲᠦᠮᠡᠨ ᠤ ᠦᠵᠡᠯ ᠰᠠᠨᠠᠭ᠎ᠠ ᠶᠢ ᠲᠤᠰᠬᠠᠵᠤ᠂ ᠣᠯᠠᠨ ᠲᠦᠮᠡᠨ ᠤ ᠦᠵᠡᠯ ᠰᠠᠨᠠᠭ᠎ᠠ ᠶᠢ ᠢᠯᠡᠳᠬᠡᠨ᠂ ᠮᠠᠯᠵᠢᠬᠤ ᠣᠷᠣᠨ ᠤ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠳᠠᠷᠠᠭ᠎ᠠ ᠨᠢ᠂ ᠵᠠᠩ ᠶᠢᠨ ᠯᠢᠶᠠᠩ ᠨᠥᠬᠦᠷ ᠠᠴᠠ ᠲᠥᠯᠥᠭᠡᠯᠡᠭᠴᠢᠳ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ︽ᠬᠤᠤᠰ ᠬᠠᠷᠢᠯᠴᠠᠭ᠎ᠠ︾ ᠶᠢᠨ ᠲᠦᠷᠢᠮ᠂ ᠰᠤᠮᠤ ᠪᠠᠯᠭᠠᠰᠤᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽123456︾ ᠠᠵᠢᠯ ᠤᠨ ᠲᠣᠭᠲᠠᠴᠠ ᠪᠣᠯᠤᠨ ᠭᠠᠴᠠᠭ᠎ᠠ᠂ ᠨᠡᠶᠢᠭᠡᠮ ᠲᠣᠭᠤᠷᠢᠭ ᠤᠨ ᠲᠥᠯᠥᠭᠡᠯᠡᠭᠴᠢᠳ ᠤᠨ ᠳᠤᠭᠤᠶᠢᠯᠠᠩ ᠤᠨ ︽4115︾ ᠠᠵᠢᠯ ᠤᠨ ᠲᠣᠭᠲᠠᠴᠠ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠥᠭᠡᠳ ᠲᠥᠯᠥᠭᠡᠯᠡᠭᠴᠢᠳ ᠠᠴᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠵᠢᠴᠢ 2024 ᠣᠨ ᠤ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠬᠦ ᠰᠠᠨᠠᠯ ᠰᠠᠨᠠᠭᠤᠯᠭ᠎ᠠ ᠬᠤᠷᠢᠶᠠᠪᠠ᠃ ᠲᠥᠯᠥᠭᠡᠯᠡᠭᠴᠢᠳ ᠨᠢ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠨᠠᠮᠤᠷ ᠤᠨ ᠤᠯᠠᠷᠢᠯ ᠤᠨ ᠮᠠᠯ ᠤᠨ ᠭᠠᠷᠭᠠᠯᠲᠠ᠂ ᠡᠪᠡᠰᠦ ᠪᠣᠷᠳᠤᠭ᠎ᠠ ᠨᠥᠭᠡᠴᠡᠯᠡᠬᠦ᠂ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠪᠠ᠃      ᠵᠠᠩ ᠶᠢᠨ ᠯᠢᠶᠠᠩ ᠨᠥᠬᠦᠷ ᠠᠴᠠ᠂ ᠨᠢᠭᠡ ᠳᠤ ︽ᠬᠤᠣᠰ ᠬᠠᠷᠢᠯᠴᠠᠭ᠎ᠠ︾ ᠶᠢᠨ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ︽ᠬᠤᠶᠠᠷ ᠬᠠᠷᠢᠯᠴᠠᠬᠤ︾ ᠠᠵᠢᠯᠯᠠᠭ᠎ᠠ ᠪᠣᠯ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠤᠨ ᠠᠮᠢᠳᠤᠷᠠᠯ  ᠢ ᠠᠩᠬᠠᠷᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠰᠠᠨᠠᠭ᠎ᠠ ᠶᠢ ᠲᠤᠰᠬᠠᠬᠤ ᠴᠢᠬᠤᠯᠠ ᠬᠡᠯᠪᠡᠷᠢ ᠮᠥᠨ᠂ ᠲᠡᠷᠡ ᠨᠢ ᠪᠠᠶᠢᠩᠭᠤ ᠶᠢᠨ ᠬᠤᠷᠢᠶ᠎ᠠ ᠪᠣᠯᠤᠨ ᠲᠥᠯᠥᠭᠡᠯᠡᠭᠴᠢ᠂ ᠲᠥᠯᠥᠭᠡᠯᠡᠭᠴᠢ ᠪᠣᠯᠤᠨ ᠠᠷᠠᠳ ᠤᠯᠠᠨ ᠤ ᠬᠠᠷᠢᠯᠴᠠᠭ᠎ᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ ᠲᠤ᠂ ᠲᠠᠪᠴᠠᠩ ᠢ ᠢᠳᠡᠪᠬᠢᠲᠡᠶ ᠪᠠᠶᠢᠭᠤᠯᠵᠤ᠂ ︽ᠬᠤᠤᠰ ᠬᠠᠷᠢᠯᠴᠠᠭ᠎ᠠ︾ ᠶᠢᠨ ᠠᠭᠤᠯᠭ᠎ᠠ ᠪᠠ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ︽ᠬᠤᠤᠰ ᠬᠠᠷᠢᠯᠴᠠᠭ᠎ᠠ︾ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠬᠠᠷᠢᠯᠴᠠᠬᠤ᠂ ᠠᠷᠠᠳ ᠤᠨ ᠲᠥᠯᠥᠭᠡ ᠣᠷᠣᠯᠠᠨ ᠥᠭᠦᠯᠡᠬᠦ ︽ᠰᠢᠭᠤᠳ ᠨᠡᠪᠲᠡᠷᠡᠬᠦ ᠲᠡᠷᠭᠡ︾ ᠪᠣᠯᠭᠠᠨ  ᠬᠤᠪᠢᠷᠠᠭᠤᠯᠤᠨ᠎ᠠ᠃ ᠭᠤᠷᠪᠠ ᠳᠤ᠂ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠨᠢ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ ᠬᠠᠮᠲᠤ ᠶᠢᠨ ᠬᠦᠴᠦᠨ ᠢ ᠪᠦᠷᠢᠯᠳᠦᠭᠦᠯᠵᠦ᠂ ᠲᠥᠯᠥᠭᠡᠯᠡᠭᠴᠢᠳ ᠤᠨ ᠦᠢᠯᠡᠳᠦᠯ ᠢ ᠬᠠᠮᠲᠤ ᠪᠠᠷ ᠪᠠᠳᠠᠷᠠᠭᠤᠯᠤᠨ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡ ᠠᠵᠢᠯᠯᠠᠭ᠎ᠠ ᠶᠢᠨ ᠪᠣᠳᠠᠲᠤ ᠪᠦᠲᠦᠮᠵᠢ ᠤᠯᠬᠤ ᠶᠢ ᠠᠬᠢᠭᠤᠯᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ︽ᠲᠥᠯᠥᠭᠡᠯᠡᠭᠴᠢᠳ ᠢᠷᠡᠪᠡ︾᠂ ︽ᠠᠷᠠᠳ ᠤᠨ  ᠰᠠᠨᠠᠯ᠂ ᠲᠥᠯᠥᠭᠡᠯᠡᠭᠴᠢᠳ ᠤᠨ ᠪᠣᠯᠵᠤᠭ᠎ᠠ︾ ᠬᠦᠳᠡᠯᠭᠡᠭᠡᠨ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠱᠠᠲᠤᠨ ᠤ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠤᠯᠪᠣᠭᠠᠯᠠᠨ ᠬᠥᠳᠡᠯᠦᠯᠴᠡᠬᠦ ᠲᠠᠯ᠎ᠠ ᠪᠠᠷ ᠰᠠᠶᠢᠨ ᠠᠵᠢᠯ ᠬᠢᠵᠦ᠂ ᠲᠥᠯᠥᠭᠡᠯᠡᠭᠴᠢᠳ ᠤᠨ ᠦᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠵᠤ᠂ ᠲᠥᠯᠥᠭᠡᠯᠡᠭᠴᠢᠳ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ  ᠭᠡᠵᠦ ᠢᠯᠡᠳᠬᠡᠪᠡ᠃      ᠰᠤᠮᠤᠨ ᠤ ᠨᠠᠮ ᠤᠨ ᠬᠤᠷᠢᠶᠠᠨ ᠤ ᠱᠦᠵᠢ ᠰᠢᠷᠠᠶᠢᠪᠠᠨᠽᠠᠷ ᠨᠦᠬᠦᠷ ᠠᠴᠠ᠂ ᠲᠥᠯᠥᠭᠡᠯᠡᠭᠴᠢᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ︽ᠬᠤᠤᠰ ᠬᠠᠷᠢᠯᠴᠠᠭ᠎ᠠ︾ ᠶᠢᠨ ᠬᠦᠳᠡᠯᠭᠡᠭᠡᠨ ᠢᠶᠠᠷ ᠳᠠᠮᠵᠢᠭᠤᠯᠤᠨ᠂ ᠠᠷᠠᠳ ᠣᠯᠠᠨ ᠳᠤ ᠪᠣᠳᠠᠲᠤ ᠶᠠᠪᠤᠳᠠᠯ ᠬᠢᠵᠦ ᠥᠭᠭᠦᠨ᠂ ᠰᠠᠶᠢᠵᠢᠷᠠᠭᠤᠯᠬᠤ ᠴᠢᠬᠤᠯᠠᠲᠠᠶ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ ᠥᠯᠢᠭᠡᠷ ᠳᠠᠭᠤᠷᠢᠶᠠᠯ ᠪᠣᠯᠵᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠶᠡᠴᠢ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠤ ᠠᠬᠤᠶ  ᠶᠢᠨ ᠪᠥᠲᠥᠭᠡᠨ ᠪᠠᠶᠢᠭᠤᠯᠤᠯᠲᠠ ᠪᠠ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢᠨ ᠳᠤᠮᠳᠠ ᠬᠠᠨᠴᠤᠶ ᠰᠢᠮᠠᠯᠠᠨ ᠬᠤᠰᠢᠭᠤᠴᠢ ᠪᠣᠯᠵᠣ᠂ ︽ᠲᠠᠪᠤᠨ ᠶᠡᠭᠡ ᠡᠭᠦᠷᠭᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂        ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠦ ᠴᠢᠬᠤᠯᠠᠴᠢᠯᠠᠪᠠ᠃      ᠠᠷᠠᠳ ᠲᠦᠮᠡᠨ ᠨᠠᠮᠠᠶᠢ ᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠲᠥᠯᠥᠭᠡᠯᠡᠭᠴᠢ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠰᠠᠮᠠᠢ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ︽ᠠᠷᠠᠳ ᠤᠨ ᠰᠠᠨᠠᠯ᠂ ᠲᠥᠯᠥᠭᠡᠯᠡᠭᠴᠢᠳ ᠤᠨ ᠪᠣᠯᠵᠤᠭ᠎ᠠ︾ ᠬᠦᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠠᠷᠠᠳ ᠣᠯᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠥᠯᠥᠭᠡᠯᠡᠭᠴᠢ ᠶᠢᠨ ᠡᠭᠦᠷᠭᠡ ᠴᠢᠳᠠᠪᠬᠢ ᠪᠠᠨ ᠭᠦᠶᠴᠡᠳᠬᠡᠬᠦ ᠪᠠᠷ ᠳᠡᠮᠵᠢᠨ᠂ ᠠᠷᠠᠳ ᠤᠨ ᠲᠥᠯᠥᠭᠡ ᠦᠨᠡᠨ ᠪᠣᠳᠠᠲᠠᠶ ᠠᠵᠢᠯᠯᠠᠵᠤ᠂ ᠰᠤᠮᠤᠨ ᠤ ᠠᠵᠤ ᠠᠬᠤᠶ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号