ᠰᠠᠮᠠᠢ ᠰᠤᠮᠤ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯ  ᠳᠤᠭᠤᠶᠢᠯᠠᠩ ᠤᠨ 25 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
      12 ᠰᠠᠷ᠎ᠠ ᠶᠢᠨ 28 ᠤ ᠡᠳᠦᠷ᠂ ᠰᠠᠮᠠᠢ ᠰᠤᠮᠤ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯ ᠳᠤᠭᠤᠶᠢᠯᠠᠩ ᠤᠨ 25 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠢ ᠰᠤᠮᠤ ᠶᠢᠨ ᠨᠠᠮ ᠤᠨ ᠬᠤᠷᠢᠶᠠᠨ ᠤ ᠱᠦᠵᠢ ᠰᠢᠷᠡᠶᠢᠪᠠᠨᠽᠡᠷ ᠨᠥᠬᠦᠷ ᠡᠷᠬᠢᠯᠡᠵᠥ᠂ ᠰᠤᠮᠤ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠨ᠂ ᠨᠠᠮ ᠤᠨ ᠭᠡᠰᠢᠭᠦᠨ ᠤᠳᠤᠷᠢᠳᠬᠤ ᠺᠠᠳ᠋ᠷ ᠣᠷᠣᠯᠴᠠᠪᠠ  ᠃      ᠬᠤᠷᠠᠯ ᠳᠡᠭᠡᠷ᠎ᠡ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠡᠭᠡᠵᠢᠩ ᠾᠧᠪᠧᠶ ᠳᠤ ᠭᠠᠮᠰᠢᠭ  ᠤᠨ ᠳᠠᠷᠠᠭᠠᠬᠢ ᠰᠡᠷᠭᠦᠭᠡᠵᠦ ᠳᠠᠬᠢᠨ ᠪᠥᠲᠥᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠶᠯᠭᠡᠭᠡᠨ ᠤ ᠬᠥᠭᠵᠢᠯᠲᠡ  ᠶᠢᠨ ᠵᠠᠮ ᠤᠨ《 ᠨᠠᠶᠮᠠᠨ ᠪᠠᠷᠢᠮᠲᠠᠯᠠᠯ 》 ᠤᠨ ᠦᠨᠳᠦᠰᠦᠨ ᠴᠢᠬᠤᠯᠠ ᠠᠭᠤᠯᠭ᠎ᠠ᠂《 ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠤᠤᠯ ᠰᠡᠳᠦᠪᠲᠦ ᠬᠥᠮᠦᠵᠢᠯ ᠳᠤᠮᠳᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ ᠪᠥᠬᠦ ᠬᠤᠰᠢᠭᠤᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢ ᠠᠬᠢᠭᠤᠯᠬᠤ ᠲᠤᠬᠠᠶ ᠮᠡᠳᠡᠭᠳᠡᠯ 》ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠤ ᠣᠷᠣᠯᠴᠠᠭᠰᠠᠨ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠲᠣᠰ ᠪᠡᠶ᠎ᠡ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠬᠤ ᠶᠢᠨ ᠬᠠᠮᠲᠤ ᠲᠣᠰ ᠪᠡᠶ᠎ᠡ ᠶᠢᠨ ᠰᠤᠷᠤᠯᠴᠠᠯᠭ᠎ᠠ ᠶᠢᠨ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠣᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠬᠠᠮᠰᠠᠷ ᠠᠴᠠ ᠪᠠᠨ《 ᠬᠤᠶᠠᠷ ᠢ       ᠲᠣᠭᠲᠠᠭᠠᠬᠤ 》 ᠶᠢ ᠬᠦᠷᠢᠶᠡᠯᠡᠬᠦ᠂《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠦᠨᠳᠦᠷᠴᠡ ᠳᠤ ᠵᠣᠭᠰᠣᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠪᠥᠬᠦ ᠰᠤᠮᠤ ᠶᠢᠨ ᠡᠯ᠎ᠡ ᠲᠠᠯ᠎ᠠ ᠶᠢᠨ ᠠᠵᠢᠯ ᠢ ᠨᠠᠩ ᠴᠢᠷᠮᠠᠶᠢᠨ ᠰᠠᠶᠢᠲᠤᠷ ᠬᠢᠵᠦ᠂ ᠨᠠᠩ ᠣᠯᠠᠨ ᠠᠮᠢᠳᠤᠯᠢᠭ ᠦᠶᠯᠡᠳᠦᠯᠭᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠶ᠃ ᠮᠥᠩᠭᠦᠨ ᠭᠦᠶᠯᠭᠡᠭᠡᠨ  ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠮᠤ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠪᠠ ᠥᠷᠢ ᠥᠭᠴᠡᠭᠡ ᠶᠢ ᠠᠷᠢᠯᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠭᠠᠵᠠᠷ ᠣᠷᠣᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠯᠤᠭ᠎ᠠ ᠶᠢᠨ ᠵᠣᠯᠭᠠᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠦᠶᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠪᠣᠯᠭᠤᠮᠵᠢᠲᠠᠢ ᠰᠠᠶᠢᠲᠤᠷ ᠠᠳᠬᠤᠵᠤ᠂《ᠲᠠᠪᠤᠨ ᠬᠠᠷᠢᠭᠤᠴᠠᠯᠭ᠎ᠠ 》 ᠶᠢ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ︔ ᠰᠠᠨᠠᠭᠠᠰᠢᠷᠠᠨ ᠵᠣᠪᠠᠨᠢᠬᠤ ᠤᠬᠠᠮᠰᠠᠷ ᠢ ᠪᠤᠢ ᠪᠣᠯᠭᠠᠵᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠲᠡᠬᠡᠨ ᠰᠡᠷᠭᠡᠶᠢᠯᠡᠬᠦ᠂ ᠴᠢᠳᠠᠬᠤ ᠶᠢᠨ ᠬᠢᠷᠢ ᠪᠠᠷ ᠠᠷᠢᠯᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ︔ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠵᠢᠵᠢᠭᠦᠷᠯᠡᠬᠦ ᠰᠠᠬᠢᠯᠭ᠎ᠠ ᠪᠠᠲᠤ ᠶᠢ ᠤᠯᠠᠮ ᠴᠢᠨᠠᠭᠰᠢᠳᠠ ᠴᠢᠩᠳᠠᠯᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ  ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号