ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/1/26
      1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠬᠤᠰᠢᠭᠤ ᠤᠯᠠᠭᠠᠨᠮᠥ᠋ᠴᠢᠷ ᠤᠨ ᠣᠯᠠᠨ ᠴᠢᠳᠠᠮᠵᠢᠳᠤ ᠮᠡᠳᠡᠭᠦᠯᠦᠯᠲᠡ ᠶᠢᠨ ᠲᠢᠩᠬᠢᠮ ᠳᠤ ᠡᠬᠢᠯᠡᠪᠡ᠃      ᠪᠦᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠠᠵᠢᠯ ᠤᠨ ᠹᠷᠣᠨᠲ ᠠᠴᠠ ᠬᠦᠷᠦᠯᠴᠡᠨ ᠢᠷᠡᠭᠰᠡᠨ ᠠᠷᠠᠳ ᠤᠨ ᠲᠥᠯᠥᠭᠡᠯᠡᠭᠴᠢᠳ ᠪᠦᠬᠦ ᠬᠤᠰᠢᠭᠤᠨ ᠤ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠡᠭᠦᠷᠭᠡᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠢᠭᠡ ᠲᠠᠩᠬᠢᠮ ᠳᠤ ᠴᠤᠭᠯᠠᠷᠠᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠰᠦᠪᠡᠭᠴᠢᠯᠡᠨ᠂ ᠢᠷᠡᠭᠡᠳᠦᠢ ᠶᠢᠨ ᠠᠤᠭ᠎ᠠ ᠲᠥᠰᠦᠪ ᠢ ᠬᠠᠮᠲᠤᠪᠠᠷ ᠵᠢᠷᠤᠭᠯᠠᠵᠤ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠨᠠᠯ ᠵᠦᠪᠯᠡᠯᠭᠡ ᠳᠤᠷᠠᠳᠴᠤ᠂ ᠬᠦᠴᠦᠨ ᠴᠢᠳᠠᠯ ᠢᠶᠠᠨ ᠨᠢᠭᠲᠠᠷᠠᠭᠤᠯᠬᠤ        ᠪᠤᠯᠤᠨ᠎ᠠ᠃      ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ164 ᠬᠦᠮᠦᠨ᠂ ᠴᠢᠯᠥᠭᠡ ᠭᠤᠶᠤᠭᠰᠠᠨ14 ᠬᠥᠮᠦᠨ᠂ ᠦᠨᠦᠳᠦᠷ ᠤᠨ ᠬᠤᠷᠠᠯ ᠳᠤ 150 ᠲᠦᠯᠦᠭᠡᠯᠡᠭᠴᠢ ᠤᠷᠤᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ  ᠤ ᠲᠤᠭ᠎ᠠ ᠳᠤ ᠨᠡᠶᠢᠴᠡᠵᠡᠢ᠃      ᠲᠣᠰ ᠤᠳᠠᠭᠠᠨ ᠤ ᠶᠡᠭᠡ ᠬᠤᠷᠠᠯ ᠤᠨ ᠭᠦᠶᠴᠡᠳᠬᠡᠭᠴᠢ ᠲᠡᠷᠢᠭᠦᠯᠡᠭᠴᠢ ᠪᠠᠭᠠᠲᠤᠷ᠂ ᠪᠤᠤ ᠸᠠᠨ ᠬᠤᠸᠠ᠃      ᠪᠠᠭᠠᠲᠤᠷ ᠬᠤᠷᠠᠯ ᠢ ᠡᠷᠬᠢᠯᠡᠵᠡᠢ᠃      ᠬᠢᠩᠭᠠᠨ᠂ ᠵᠧᠦ ᠢᠦᠢ ᠯᠦᠩ᠂ ᠪᠠᠲᠤᠮᠥ᠋ᠩᠬᠡ᠂ ᠠᠯᠮᠠᠰ᠂ ᠵᠧᠦ ᠸᠧ ᠮᠢᠨ᠂ ᠬᠠᠶ  ᠪᠤᠤ᠂ ᠪᠤᠤ ᠸᠠᠨ ᠬᠤᠸᠠ᠂ ᠯᠢᠦ ᠶᠠᠨ᠂ ᠰᠠᠷᠠᠨᠰᠦ᠋ᠬᠡ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠤᠵᠤ᠂ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠤᠯᠴᠠᠪᠠ᠃      ᠦᠳᠡ ᠶᠢᠨ ᠡᠮᠦᠨᠡᠬᠢ 8 ᠴᠠᠭ 30 ᠮᠢᠨᠦ᠋ᠲ ᠲᠤ ᠪᠠᠭᠠᠲᠤᠷ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠡᠬᠢᠯᠡᠭᠰᠡᠨ ᠢ ᠵᠠᠷᠯᠠᠵᠤ᠂ ᠪᠦᠭᠦᠳᠡᠭᠡᠷ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠵᠠᠢ᠃      ᠵᠧᠦ ᠢᠦᠢ ᠯᠦᠩ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ  ᠤᠨ ᠣᠷᠳᠣᠨ ᠤ ᠠᠵᠢᠯ ᠤᠨ ᠢᠯᠡᠳᠬᠡᠯ ᠬᠢᠪᠠ᠃      ᠢᠯᠡᠳᠬᠡᠯ ᠳᠤ ᠵᠢᠭᠠᠬᠤ ᠳᠠᠭᠠᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠦᠨᠴᠦ ᠪᠢᠳᠡᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠶᠯ ᠤᠨ ᠠᠵᠢᠯ ᠤᠨ ᠭᠤᠤᠯ ᠱᠤᠭᠤᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠪᠠ ︽ᠰᠢᠨ᠎ᠡ ᠵᠠᠮ ᠢᠶᠠᠷ ᠵᠠᠮᠨᠠᠨ᠂ ᠳᠤᠮᠳᠠ ᠲᠦᠪᠰᠢᠨ‌‍ᠳᠦ ᠬᠦᠷᠬᠦ︾ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠥᠭᠵᠢᠯᠲᠡ ᠶᠢ ᠠᠳᠬᠤᠨ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠪᠦᠯᠬᠦᠮᠳᠡᠯ ᠢ ᠴᠢᠩᠭᠠᠳᠬᠠᠨ᠂ ᠠᠮᠤᠷ ᠲᠦᠪᠰᠢᠨ  ᠢ ᠪᠠᠲᠤᠯᠠᠵᠤ᠂ ᠪᠥᠬᠦ ᠵᠢᠯ ᠤᠨ ᠡᠯ᠎ᠡ ᠵᠦᠶᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠵᠢᠱᠢᠯᠲᠡ ᠪᠠᠷ᠂ ᠪᠥᠬᠦ ᠵᠢᠯ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 76.94 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ       20.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ11.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ4% ᠪᠠᠷ ᠨᠡᠮᠡᠭᠳᠡᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠲᠤᠬᠢᠷᠠᠭᠤᠯᠵᠤ ᠪᠣᠯᠬᠤᠶᠢᠴᠠ ᠣᠷᠣᠯᠭ᠎ᠠ ᠲᠤᠰᠪᠦᠷᠢ 49765 ᠲᠥᠭᠦᠷᠢᠭ ᠪᠠ 42776 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠ 5.9% ᠪᠠᠷ ᠨᠡᠮᠡᠭᠳᠡᠨ᠂ ᠠᠵᠤ ᠠᠬᠤᠢ ᠶᠢᠨ ᠬᠦᠭᠵᠢᠯᠲᠡ ᠬᠡᠪ ᠤᠨ ᠪᠠᠶᠢᠳᠠᠯ ᠢᠶᠠᠨ ᠪᠠᠲᠤᠯᠠᠪᠠ ᠭᠡᠵᠡᠢ᠃      ᠢᠯᠡᠳᠬᠡᠯ ᠳᠤ ᠵᠢᠭᠠᠬᠤ ᠳᠠᠭᠠᠨ᠂ ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠬᠠᠮᠠᠭᠠᠯᠠᠯᠲᠠ ᠶᠢ ᠴᠢᠩᠭᠠᠳᠬᠠᠵᠣ᠂ ᠵᠠᠰᠠᠯᠲᠠ ᠶᠢ ᠴᠢᠬᠤᠯᠠᠴᠢᠯᠠᠨ᠂ ᠬᠤᠪᠢᠷᠠᠯᠲᠠ ᠶᠢ ᠠᠬᠢᠭᠤᠯᠵᠣ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃  ᠪᠢᠳᠡ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠨ᠂ ᠪᠦᠲᠦᠴᠡ ᠶᠢ ᠲᠣᠬᠢᠷᠠᠭᠤᠯᠵᠣ᠂ ᠴᠢᠳᠠᠮᠵᠢ ᠶᠢ ᠬᠤᠪᠢᠷᠠᠭᠤᠯᠣᠨ᠂ ᠬᠡᠯᠬᠢᠶᠡᠰᠦ ᠶᠢ ᠣᠷᠲᠣᠳᠬᠠᠵᠣ᠂ ᠲᠠᠷᠢᠶᠠᠯᠠᠩ ᠮᠠᠯ ᠠᠵᠣ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠪᠢᠳᠡ ᠨᠦᠭᠡᠴᠡ ᠪᠠᠨ ᠨᠡᠮᠡᠭᠳᠡᠬᠦᠯᠦᠨ ᠪᠦᠲᠦᠮᠵᠢ  ᠪᠠᠨ ᠪᠠᠲᠣᠳᠬᠠᠬᠤ ᠶᠢ ᠪᠠᠷᠢᠮᠲᠠᠯᠠᠨ᠂ ᠠᠮᠢᠳᠤᠯᠢᠭ ᠬᠦᠴᠦᠨ ᠢ ᠬᠦᠭᠵᠢᠭᠡᠵᠦ᠂ ᠳᠠᠯᠳᠠ ᠬᠦᠴᠦᠨ ᠢ ᠠᠭᠤᠳᠠᠯᠠᠨ᠂ ᠬᠥᠳᠡᠯᠭᠡᠭᠴᠢ ᠬᠦᠴᠦᠨ ᠢ ᠨᠡᠮᠡᠭᠳᠡᠬᠦᠯᠵᠦ᠂ ᠴᠢᠬᠤᠯᠠ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠪᠠ᠃ ᠪᠢᠳᠡ ᠰᠡᠳᠬᠢᠴᠡ ᠪᠠᠨ ᠰᠢᠨᠡᠴᠢᠯᠡᠨ ᠬᠦᠭᠵᠢᠯᠲᠡ ᠪᠠᠨ ᠲᠦᠰᠦᠪᠯᠡᠬᠦ ᠶᠢ ᠪᠠᠷᠢᠮᠲᠠᠯᠠᠨ᠂ ᠥᠭᠡᠷᠡᠴᠢᠯᠡᠯᠲᠡ ᠶᠢ ᠠᠳᠬᠤᠵᠣ᠂ ᠨᠡᠭᠡᠭᠡᠯᠲᠡ ᠶᠢ ᠦᠷᠭᠡᠳᠬᠡᠨ᠂ ᠦᠢᠯᠡᠴᠢᠯᠡᠭᠡ ᠶᠢ ᠰᠢᠯᠢᠳᠡᠭᠵᠢᠬᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠪᠠ᠃ ᠪᠢᠳᠡ ᠪᠣᠳᠠᠲᠠᠢ ᠪᠠᠷ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠪᠣᠳᠠᠲᠣ ᠠᠵᠢᠯ ᠢ ᠪᠡᠶᠡᠯᠡᠬᠦᠯᠵᠦ᠂ ᠪᠦᠲᠦᠭᠡᠨ ᠪᠠᠶᠢᠭᠤᠯᠣᠯᠲᠠ ᠶᠢ ᠰᠠᠶᠢᠵᠢᠷᠠᠭᠤᠯᠣᠨ᠂ ᠠᠷᠠᠳ ᠤᠨ ᠰᠡᠳᠬᠢᠯ ᠢ ᠳᠣᠯᠠᠭᠠᠴᠠᠭᠤᠯᠵᠣ᠂ ᠬᠥᠳᠡᠭᠡ ᠲᠣᠰᠬᠤᠨ ᠮᠠᠯᠵᠢᠬᠤ ᠣᠷᠣᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠲᠠᠯ᠎ᠠ ᠪᠠᠷ ᠰᠢᠨ᠎ᠡ ᠬᠠᠭᠤᠳᠠᠰᠤ ᠶᠢ ᠪᠢᠴᠢᠭᠯᠡᠪᠡ᠃ ᠪᠢᠳᠡ ᠬᠢᠯᠢ ᠪᠠᠨ ᠰᠠᠬᠢᠨ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠠᠷᠢᠮᠲᠠᠯᠠᠨ᠂ ᠠᠷᠠᠳ ᠤᠨ ᠰᠡᠳᠬᠢᠯ ᠢ ᠨᠢᠭᠲᠠᠷᠠᠭᠤᠯᠵᠣ᠂ ᠠᠶᠤᠯ ᠲᠦᠭᠰᠢᠭᠦᠷᠢ ᠶᠢ ᠰᠡᠷᠭᠡᠶᠢᠯᠡᠨ᠂ ᠠᠮᠣᠷ ᠲᠣᠭᠲᠠᠭᠤᠨ ᠢ ᠪᠠᠲᠣᠯᠠᠵᠣ᠂ ᠡᠬᠡ‌ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ ᠰᠢᠨ᠎ᠡ ᠰᠠᠶᠢᠵᠢᠷᠠᠯᠲᠠ ᠶᠢ ᠪᠡᠶᠡᠯᠡᠭᠦᠯᠪᠡ᠃ ᠪᠢᠳᠡ ᠲᠡᠷᠢᠭᠦᠨ ᠤ ᠬᠢ ᠶᠢ ᠲᠡᠮᠡᠴᠡᠨ ᠰᠢᠯᠢᠳᠡᠭ  ᠢ ᠡᠭᠦᠳᠬᠦ ᠶᠢ ᠪᠠᠷᠢᠮᠲᠠᠯᠠᠨ᠂ ᠰᠠᠭᠤᠷᠢ ᠪᠠᠨ ᠪᠠᠲᠣᠳᠬᠠᠵᠣ᠂ ᠳᠡᠭᠡᠭᠰᠢᠯᠡᠯᠲᠡ ᠶᠢ ᠠᠬᠢᠭᠤᠯᠣᠨ᠂ ᠳᠠᠪᠠᠭᠤᠯᠢᠭ ᠢᠶᠠᠨ ᠪᠠᠲᠣᠵᠢᠭᠤᠯᠵᠣ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠠᠮᠵᠢᠯᠲᠠ ᠣᠯᠪᠠ᠃ ᠪᠢᠳᠡ ᠲᠦᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠨ᠂ ᠨᠠᠮᠴᠢ ᠴᠢᠨᠠᠷ ᠢ ᠴᠢᠩᠭᠠᠳᠬᠠᠵᠣ᠂ ᠰᠢᠨ᠎ᠡ ᠬᠡᠪ ᠰᠤᠷᠲᠠᠯ ᠢ ᠪᠣᠶ ᠪᠣᠯᠭᠠᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ ᠭᠡᠵᠡᠢ᠃      ᠵᠧᠦ ᠢᠦᠢ ᠯᠦᠩ ᠢᠯᠡᠷᠬᠡᠶᠢᠯᠡᠬᠦ ᠳᠡᠭᠡᠨ᠂ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ  ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠵᠢᠭᠠᠨ ᠵᠢᠯᠤᠭᠤᠳᠤᠯᠭ᠎ᠠ᠂ ᠬᠤᠰᠢᠭᠤ ᠨᠠᠮ ᠤᠨ ᠬᠤᠷᠢᠶ᠎ᠠ  ᠶᠢᠨ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ  ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ  ᠤ ᠬᠠᠯᠠᠮᠵᠢᠯᠠᠨ ᠲᠡᠮᠵᠢᠵᠦ ᠪᠦᠲᠦᠮᠵᠢᠲᠡᠢ ᠬᠢᠨᠠᠯᠲᠠ ᠲᠠᠯᠪᠢᠭᠰᠠᠨ ᠤ ᠦᠷ᠎ᠡ ᠳ᠋ᠦᠩ᠂ ᠨᠠᠩ ᠴᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ 7.06 ᠲᠦᠮᠡᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠪᠣᠯᠣᠨ᠎ᠠ᠃ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ  ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠂ ᠪᠢᠳᠡ ᠪᠣᠳᠠᠲᠤ ᠪᠠᠶᠢᠳᠠᠯ ᠢᠶᠠᠨ ᠦᠨᠳᠦᠰᠦᠯᠡᠨ ᠣᠢ ᠤᠬᠠᠭᠠᠨ ᠰᠦᠪᠡᠭᠴᠢᠯᠡᠵᠦ᠂ ᠠᠷᠭ᠎ᠠ ᠬᠡᠮᠵᠢᠶ᠎ᠡ ᠲᠣᠭᠲᠠᠭᠠᠨ᠂ ᠰᠢᠷᠭᠠᠭᠤ ᠴᠢᠷᠮᠠᠶᠢᠨ ᠠᠵᠢᠯᠯᠠᠵᠤ᠂ ᠪᠣᠳᠠᠲᠠᠢ ᠠᠵᠢᠯ ᠤᠨ ᠦᠷ᠎ᠠ ᠪᠦᠲᠦᠮᠵᠢ ᠪᠠᠷ ᠢᠶᠠᠨ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠦᠷᠨᠢᠨ ᠬᠦᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠤᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠳᠤᠭᠤᠰᠢᠯᠠᠭᠤᠯᠤᠨ᠂ ᠰᠢ  ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠳᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠶᠯᠡᠴᠢᠯᠡᠬᠦ ᠪᠠ ᠠᠭᠤᠰᠤᠯᠴᠠᠨ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠬᠢᠵᠢᠭᠦᠯᠬᠦ ᠶᠢ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠶ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠬᠥᠭᠵᠢᠯᠲᠡ ᠶᠢ ᠰᠠᠶᠢᠲᠤᠷ ᠬᠠᠮᠠᠭᠠᠯᠠᠨ᠂ ᠠᠮᠤᠷ ᠲᠦᠪᠰᠢᠨ ᠲᠣᠭᠲᠠᠭᠤᠨ ᠢᠶᠠᠷ ᠬᠤᠰᠢᠭᠤ ᠪᠠᠨ ᠪᠠᠬᠢᠵᠢᠭᠦᠯᠬᠦ ᠠᠷᠭ᠎ᠠ ᠬᠡᠮᠵᠢᠶ᠎ᠡ ᠶᠢ ᠪᠤᠳᠠᠲᠠᠶᠢᠵᠢᠭᠤᠯᠵᠤ᠂ ᠡᠨᠧᠷᠭᠢ ᠶᠢᠨ ᠠᠵᠤ ᠦᠢᠯᠡᠰ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠵᠠᠮ ᠢᠶᠠᠷ ᠵᠠᠮᠨᠠᠵᠤ᠂ ᠮᠠᠯ ᠠᠵᠤ ᠠᠬᠤᠢ ᠶᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠰᠠᠭᠤᠷᠢ ᠶᠢ ᠲᠠᠯᠪᠢᠵᠤ᠂ ᠬᠢᠯᠢ ᠶᠢᠨ ᠪᠣᠭᠤᠮᠲᠠ ᠶᠢᠨ ᠠᠮᠢᠵᠢᠷᠠᠯ ᠤᠨ ᠬᠦᠴᠦᠨ ᠢ ᠠᠰᠢᠭᠯᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠲᠣᠭᠲᠠᠭᠤᠨ ᠤ ᠳᠤᠮᠳᠠ ᠤᠷᠤᠭᠰᠢᠯᠠᠭᠰᠠᠨ ᠰᠠᠭᠤᠷᠢᠨ ᠳᠡᠭᠡᠷ᠎ᠡ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠤᠨ᠂ ᠤᠷᠢᠳᠠᠪᠠᠷ ᠲᠣᠭᠲᠠᠪᠣᠷᠢᠵᠢᠭᠤᠯᠣᠨ ᠳᠠᠷᠠᠭ᠎ᠠ ᠨᠢ ᠰᠢᠪᠲᠤᠯᠤᠯᠲᠠ ᠭᠠᠷᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠦᠨ᠂ ᠠᠵᠤ ᠠᠬᠤᠢ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠡᠬᠦᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠣᠯᠣᠨ᠎ᠠ᠃      ᠢᠯᠡᠳᠬᠡᠯ ᠳᠤ ᠳᠤᠷᠠᠳᠬᠤ ᠳᠠᠭᠠᠨ᠂ 2024 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ  ᠢ 81.5 ᠳ᠋ᠦᠩᠰᠢᠭᠤᠷ ᠲᠥᠭᠦᠷᠢᠭ ᠲᠤ ᠬᠦᠷᠭᠡᠨ᠂ 6% ᠣᠷᠴᠢᠮ  ᠨᠡᠮᠡᠭᠳᠡᠭᠦᠯᠵᠦ᠂ ᠡᠩ ᠤᠨ ᠴᠢᠨᠠᠷᠲᠠᠢ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7 ᠳ᠋ᠦᠩᠰᠢᠭᠤᠷ ᠲᠥᠭᠦᠷᠢᠭ ᠲᠤ ᠬᠦᠷᠭᠡᠨ᠂ 4.7% ᠣᠷᠴᠢᠮ ᠨᠡᠮᠡᠭᠳᠡᠭᠦᠯᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 23.46 ᠳ᠋ᠦᠩᠰᠢᠭᠤᠷ ᠲᠥᠭᠦᠷᠢᠭ ᠲᠤ ᠬᠦᠷᠭᠡᠨ᠂ 15% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠬᠡᠶ ᠬᠡᠮᠵᠢᠶ᠎ᠡ ᠶᠢ 11.75 ᠳ᠋ᠦᠩᠰᠢᠭᠤᠷ ᠲᠥᠭᠦᠷᠢᠭ ᠲᠤ ᠬᠦᠷᠭᠡᠨ᠂ 4% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ  ᠳᠡᠭᠡᠨ  ᠲᠡᠩᠴᠡᠭᠦᠷᠢᠲᠡᠢ ᠪᠠᠶᠢᠯᠭᠠᠨ᠎ᠠ᠃      ᠢᠯᠡᠳᠬᠡᠯ ᠳᠤ ᠳᠤᠷᠠᠳᠬᠤ ᠳᠠᠭᠠᠨ᠂ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ 2024 ᠣᠨ ᠳᠤ ᠲᠤᠯᠤᠭᠠᠨ ᠲᠠᠯ᠎ᠠ‌‍ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠤᠬᠤᠨ᠎ᠠ᠄      ᠠᠮᠢ ᠠᠬᠤᠶ ᠶᠢ ᠲᠡᠷᠢᠭᠦᠨ ᠳᠤ ᠲᠠᠯᠪᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠲᠣᠭᠲᠠᠯ ᠬᠦᠴᠦᠨ ᠢ ᠪᠠᠲᠤᠯᠠᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠮᠠᠭᠲᠠ ᠴᠢᠬᠤᠯᠠ ᠡᠭᠦᠷᠭᠡ ᠪᠠ ᠦᠨᠳᠦᠰᠦᠨ ᠤᠷᠢᠲᠠᠯ ᠪᠣᠯᠭᠠᠵᠤ᠂ ᠠᠮᠢ ᠠᠬᠤᠢ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠰᠠᠶᠢᠨ ᠰᠠᠶᠢᠬᠠᠨ ᠠᠮᠢ ᠠᠬᠤᠢ ᠶᠢᠨ ᠳᠦᠷᠰᠦ ᠪᠠᠶᠢᠳᠠᠯ ᠢ ᠲᠠᠰᠤᠷᠠᠯᠲᠠ ᠦᠭᠡᠢ ᠪᠠᠬᠢᠵᠢᠬᠦᠯᠦᠨ᠂ ᠳᠤᠤᠷ᠎ᠠ ᠨᠡᠭᠦᠷᠡᠰᠦᠲᠥ᠋ᠷᠥᠭᠴᠢ ᠭᠠᠳᠠᠭᠰᠢᠯᠠᠭᠤᠯᠵᠤ ᠪᠣᠬᠢᠷᠲᠤᠯ ᠢ ᠪᠠᠭᠠᠰᠬᠠᠬᠤ  ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠷᠪᠢᠲᠠᠶ ᠡᠷᠴᠢᠮᠯᠢᠭ ᠤᠷᠴᠢᠯ ᠬᠥᠭᠵᠢᠯᠲᠡ ᠶᠢ ᠲᠦᠯᠬᠢᠨ ᠠᠬᠢᠭᠤᠯᠵᠤ᠂ ᠲᠠᠯ᠎ᠠ ᠨᠤᠲᠤᠭ ᠨᠣᠮᠢᠨ ᠨᠣᠭᠤᠭᠠᠨ᠂ ᠣᠶ ᠰᠢᠭᠤᠢ ᠢᠬᠴᠤ ᠰᠠᠬᠤᠯᠢᠭ᠂ ᠭᠤᠣᠯ ᠮᠥᠷᠡᠨ ᠨᠠᠭᠤᠷ ᠴᠥᠭᠦᠷᠥᠮ ᠴᠡᠪᠡᠷ ᠲᠤᠩᠭᠠᠯᠠᠭ᠂ ᠠᠭᠠᠷ ᠠᠷᠢᠭᠤᠨ ᠴᠡᠩᠬᠡᠭ ᠵᠡᠭᠦᠨ ᠦᠵᠦᠮᠦᠴᠢᠨ ᠬᠤᠰᠢᠭᠤ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠬᠦᠭᠵᠢᠭᠦᠯᠦᠨ᠎ᠡ᠃      ᠠᠵᠤ ᠦᠶᠯᠡᠰ ᠤᠨ ᠲᠠᠰ ᠲᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ  ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠠᠵᠤ ᠦᠶᠢᠯᠡᠰᠵᠢᠯᠲᠡ᠂ ᠠᠵᠤ ᠦᠶᠯᠡᠰ ᠤᠨ ᠠᠮᠢ ᠠᠬᠤᠶᠢᠵᠢᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠣᠲᠣ ᠦᠶ᠎ᠡ ᠶᠢᠨ ᠮᠠᠯ ᠠᠵᠤ ᠠᠬᠤᠶ ᠶᠢ ᠰᠢᠯᠢᠳᠡᠭᠵᠢᠭᠦᠯᠦᠨ ᠨᠠᠷᠢᠯᠢᠭᠵᠢᠭᠤᠯᠬᠤ ᠶᠢ ᠠᠬᠢᠭᠤᠯᠵᠤ᠂ ᠣᠲᠣ ᠦᠶ᠎ᠡ ᠶᠢᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠦᠶᠯᠡᠳᠪᠦᠷᠢ ᠶᠢᠨ ᠠᠵᠤ ᠠᠬᠤᠶ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ ᠥᠷᠭᠡᠳᠬᠡᠬᠦ᠂ ᠪᠣᠭᠤᠮᠲᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠠᠬᠢᠭᠤᠯᠵᠤ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠲᠠᠰ ᠳᠡᠪᠰᠢᠬᠦ ᠶᠢ ᠲᠠᠰᠤᠷᠠᠯᠲᠠ ᠥᠬᠡᠶ ᠠᠬᠢᠭᠤᠯᠵᠤ᠂ ᠪᠣᠬᠢᠷᠲᠤᠯ ᠥᠬᠡᠶ ᠬᠦᠭᠵᠢᠭᠰᠡᠨ᠂ ᠬᠠᠩᠭᠠᠯᠭ᠎ᠠ ᠭᠦᠶᠴᠡᠳ᠂ ᠨᠡᠭᠡᠭᠡᠯᠳᠡᠳᠦ ᠠᠭᠤᠰᠤᠯᠴᠠᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠵᠡᠭᠦᠨ ᠦᠵᠦᠮᠦᠴᠢᠨ ᠬᠤᠰᠢᠭᠤ ᠶᠢ ᠨᠠᠩ ᠪᠠᠶᠠᠨ ᠲᠠᠩᠰᠤᠭ ᠪᠤᠯᠭᠠᠨ ᠬᠦᠭᠵᠢᠭᠦᠯᠦᠨ᠎ᠡ᠃      ᠬᠥᠳᠡᠯᠭᠡᠭᠴᠢ ᠬᠦᠴᠦᠨ ᠤ ᠰᠣᠯᠢᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭ ᠪᠦᠭᠡᠳ ᠴᠢᠨᠠᠷ ᠰᠠᠶᠢᠲᠠᠶ ᠬᠥᠭᠵᠢᠯᠲᠡ ᠶᠢᠨ ᠣᠷᠴᠢᠨ ᠲᠤᠭᠤᠷᠢᠨ ᠢ ᠡᠭᠦᠳᠦᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠥᠭᠡᠷᠡᠴᠢᠯᠡᠯᠲᠡ  ᠶᠢᠨ ᠲᠠᠰ ᠳᠠᠪᠬᠤᠷᠭ᠎ᠠ ᠭᠦᠨ᠂ ᠪᠠᠯᠠ ᠣᠷᠣᠭᠤᠯᠤᠯᠲᠠ ᠶᠢᠨ ᠳᠠᠯᠳᠠ ᠬᠦᠴᠦᠨ ᠶᠡᠭᠡ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠦᠶᠯᠡᠴᠢᠯᠡᠭᠡ ᠰᠢᠯᠢᠳᠡᠭ ᠵᠡᠭᠦᠨ ᠦᠵᠦᠮᠦᠴᠢᠨ ᠬᠤᠰᠢᠭᠤ ᠶᠢ ᠨᠠᠩ ᠪᠠᠶᠠᠨ ᠬᠦᠴᠦᠷᠬᠡᠭ ᠪᠤᠯᠭᠠᠨ ᠬᠦᠭᠵᠢᠭᠦᠯᠦᠨ᠎ᠡ  ᠃      ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ  ᠶᠢ ᠭᠦᠨᠵᠡᠭᠡᠢ ᠬᠡᠷᠡᠭᠵᠢᠭᠦᠯᠵᠦ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢ ᠨᠢᠭᠡᠳᠦᠯᠲᠡᠢ ᠳᠤ ᠲᠥᠯᠥᠪᠵᠢᠭᠦᠯᠵᠦ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢᠳᠤᠷᠠᠯ ᠴᠢᠨᠡᠭᠡᠯᠢᠭ᠂ ᠰᠣᠶᠣᠯ ᠴᠡᠴᠡᠭᠯᠡᠨ ᠬᠥᠭᠵᠢᠭᠰᠡᠨ᠂ ᠪᠣᠯᠪᠠᠰᠤᠨ ᠨᠥᠬᠦᠷᠰᠡᠭ᠂ ᠬᠤᠲᠠ ᠬᠥᠳᠡᠭᠡ ᠵᠣᠬᠢᠴᠠᠩᠭᠤᠢ ᠵᠡᠭᠦᠨ ᠦᠵᠦᠮᠦᠴᠢᠨ ᠬᠤᠰᠢᠭᠤ ᠶᠢ ᠨᠠᠩ ᠡᠶ᠎ᠡ ᠵᠤᠬᠢᠴᠠᠩᠭᠤᠢ ᠪᠤᠯᠭᠠᠨ ᠬᠦᠭᠵᠢᠭᠦᠯᠦᠨ᠎ᠡ  ᠃      ᠴᠢᠨᠠᠷ ᠰᠠᠶᠢᠲᠠᠶ ᠲᠡᠩᠴᠡᠭᠦᠷᠢᠲᠡᠶ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠠᠵᠤ ᠠᠬᠤᠶ ᠶᠢ ᠬᠥᠭᠵᠢᠭᠦᠯᠬᠦ  ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠵᠤᠬᠢᠴᠠᠯᠳᠤᠭᠤᠯᠤᠨ ᠬᠦᠴᠦᠯᠡᠬᠦ ᠶᠢ ᠪᠠᠷᠢᠮᠲᠠᠯᠠᠵᠤ᠂  ᠬᠦᠴᠦᠨ ᠢᠶᠠᠨ ᠲᠥᠪᠯᠡᠷᠡᠭᠦᠯᠦᠨ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠦᠨᠳᠦᠰᠦᠨ ᠵᠦᠶᠯ ᠢ ᠪᠠᠲᠤᠯᠠᠬᠤ ᠴᠢᠨᠠᠷᠲᠠᠶ᠂ ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠤᠯᠬᠤ ᠣᠷᠣᠯᠭ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠭᠥᠷᠳᠡᠬᠦ ᠠᠰᠠᠷᠠᠮᠵᠢ ᠲᠠᠢ ᠵᠡᠭᠦᠨ ᠦᠵᠦᠮᠦᠴᠢᠨ ᠬᠤᠰᠢᠭᠤ ᠶᠢ ᠨᠠᠩ ᠵᠣᠯ ᠵᠢᠷᠭᠠᠯ ᠲᠠᠢ ᠪᠤᠯᠭᠠᠨ ᠬᠦᠭᠵᠢᠭᠦᠯᠦᠨ᠎ᠡ᠃      ᠠᠮᠤᠷ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃  ᠰᠢᠰᠲ᠋ᠧᠮᠲᠤ ᠦᠵᠡᠯᠲᠡ ᠶᠢ ᠪᠠᠷᠢᠮᠲᠠᠯᠠᠵᠤ᠂ ᠬᠤᠷᠢᠭ᠎ᠠ ᠱᠤᠭᠤᠮ ‍ᠤᠨ‌‍ᠰᠡᠳᠬᠢᠬᠦᠢ ᠶᠢ ᠪᠠᠲᠤ ᠪᠤᠢ ᠪᠣᠯᠭᠠᠵᠤ᠂ ᠠᠮᠤᠷ ᠠᠮᠤᠭᠤᠯᠠᠩ᠂ ᠬᠠᠤᠯᠢ ᠪᠠᠷ ᠵᠠᠰᠠᠬᠤ ᠵᠡᠭᠦᠨ ᠦᠵᠦᠮᠦᠴᠢᠨ  ᠬᠤᠰᠢᠭᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠬᠡ ᠤᠯᠤᠰ  ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠠᠭᠤᠰᠤᠯᠴᠠᠭᠰᠠᠨ᠂ ᠠᠮᠤᠷ ᠲᠦᠪᠰᠢᠨ ᠲᠣᠭᠲᠠᠭᠤᠨ᠂ ᠨᠡᠶᠢᠭᠡᠮ ᠡᠶ᠎ᠡ ᠨᠠᠶᠢᠷᠠᠮᠳᠠᠭᠤ ᠵᠡᠭᠦᠨ ᠦᠵᠦᠮᠦᠴᠢᠨ ᠬᠤᠰᠢᠭᠤ ᠶᠢ ᠨᠠᠩ ᠪᠣᠯᠪᠠᠰᠤᠨ ᠪᠤᠯᠭᠠᠨ ᠬᠦᠭᠵᠢᠭᠦᠯᠦᠨ᠎ᠡ  ᠃      ᠲᠣᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠦᠷ᠎ᠡ ᠪᠦᠲᠦᠮᠵᠢ  ᠶᠢ ᠳᠡᠭᠡᠭᠰᠢᠯᠡᠭᠦᠯᠦᠨ᠎ᠡ᠃  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠢᠮᠠᠭᠲᠠ ᠤᠯᠤᠰ ᠲᠥᠷᠥ ᠶᠢᠨ ᠦᠨᠡᠨᠴᠢ ᠰᠢᠳᠤᠷᠭᠤ ᠶᠢ ᠬᠢᠴᠢᠶᠡᠩᠭᠦᠶᠢᠯᠡᠨ ᠵᠢᠷᠤᠮᠯᠠᠵᠤ᠂ ᠠᠷᠠᠳ ᠤᠨ ᠲᠥᠯᠥᠭᠡ ᠭᠡᠬᠦ ᠵᠣᠷᠢᠯᠲᠠ ᠶᠢ ᠦᠶᠯᠡᠳᠦᠯᠭᠡᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠢᠭᠤᠨ ᠴᠢᠬᠡᠴᠢ ᠶᠢ ᠪᠠᠲᠤ ᠰᠠᠬᠢᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ᠂ ᠪᠦᠲᠦᠭᠡᠯᠴᠢ ᠬᠦᠴᠦᠨ ᠪᠠ ᠢᠲᠡᠭᠡᠭᠦᠯᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠤᠷᠠᠯ ᠤᠨ ᠵᠥᠪᠯᠡᠬᠦ ᠵᠦᠶᠯ ᠢ ᠦᠨᠳᠦᠰᠦᠯᠡᠨ᠂ ᠶᠡᠭᠡ ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠳᠤ ᠠᠷᠠᠳ ᠤᠨ ᠲᠥᠯᠥᠭᠡᠯᠡᠭᠴᠢ ᠪᠢᠯᠧᠲ ᠢᠶᠠᠷ ᠰᠢᠶᠳᠪᠦᠷᠢ ᠭᠠᠷᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠰᠤᠩᠭᠤᠨ ᠲᠤᠭᠲᠠᠭᠠᠭᠰᠠᠨ ᠲᠤᠬᠠᠢ ᠮᠡᠳᠡᠭᠦᠯᠦᠯᠲᠡ᠂ 2023 ᠣᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ‍ᠦᠨ‌‍ᠬᠥ᠋ᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ 2024 ᠣᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ  ︶ ᠶᠢᠨ ᠲᠤᠬᠠᠢ ᠮᠡᠳᠡᠭᠦᠯᠦᠯᠲᠡ᠂ 2023 ᠣᠨ ᠤ ᠬᠤᠰᠢᠭᠤᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠵᠢᠴᠢ 2024 ᠣᠨ ᠤ ᠬᠤᠰᠢᠭᠤᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠲᠡᠪᠰᠢᠭᠦᠯᠬᠦ ᠬᠢᠵᠠᠭᠠᠷᠲᠤ ᠴᠠᠭ ᠤᠨ ᠲᠤᠬᠠᠶ ᠲᠣᠭᠲᠠᠭᠠᠯ ᠢ ᠨᠡᠶᠢᠲᠡᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠢᠶᠠᠷ ᠪᠠᠲᠤᠯᠠᠬᠤ ᠠᠷᠭ᠎ᠠ ︵ᠲᠥᠰᠦᠯ︶᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠲᠡᠪᠰᠢᠭᠦᠯᠵᠡᠢ  ᠃      ᠠᠵᠢᠯ ᠠᠴᠠ ᠪᠠᠨ ᠠᠮᠠᠷᠠᠭᠰᠠᠨ ᠵᠠᠷᠢᠮ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ᠂ ᠤᠯᠤᠰ ᠲᠥᠷᠥ  ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠤ ᠤᠷᠤᠯᠴᠠᠵᠤ ᠪᠠᠶᠢᠭ᠎ᠠ ᠪᠦᠬᠦ ᠬᠡᠰᠢᠭᠦᠨ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠤᠰᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠤᠳᠤᠷᠢᠳᠤᠯᠭ᠎ᠠ᠂ ᠡᠯ᠎ᠡ ᠰᠤᠮᠤ  ᠪᠠᠯᠭᠠᠰᠤ ︵ᠲᠠᠯᠠᠪᠠᠢ︶ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号