ᠤᠯᠢᠶᠠᠰᠤᠲᠠᠢ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠨᠢ ᠭᠤᠣᠯ ᠰᠡᠳᠦᠪᠲᠦ ᠬᠥᠮᠦᠵᠢᠯ  ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/26
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠣᠯᠣᠨ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠤᠯᠢᠶᠠᠰᠤᠲᠠᠢ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠨᠢ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ  ᠬᠤᠷᠠᠯᠳᠤᠭᠤᠯᠪᠠ᠃      ᠬᠤᠷᠠᠯ ᠠᠴᠠ ᠡᠮᠦᠨ᠎ᠡ᠂ ᠡᠯ᠎ᠡ ᠨᠠᠮ ᠤᠨ ᠡᠭᠦᠷ ᠨᠢ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠲᠣᠭᠲᠠᠭᠠᠭᠰᠠᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠭᠤᠯᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠨᠠᠮ ᠤᠨ ᠭᠡᠰᠢᠭᠦᠳ ᠲᠤᠰ ᠲᠤᠰ ᠤᠨ ᠰᠤᠷᠤᠯᠴᠠᠯᠭ᠎ᠠ ᠪᠠ ᠠᠵᠢᠯ ᠤᠨ ᠪᠠᠶᠢᠳᠠᠯ ᠲᠠᠢ ᠪᠠᠨ ᠤᠶᠠᠯᠳᠤᠭᠤᠯᠤᠨ  ᠠᠰᠠᠭᠤᠳᠠᠯ ᠢ ᠪᠠᠶᠢᠴᠠᠭᠠᠨ ᠰᠢᠨᠵᠢᠯᠡᠵᠦ᠂ ᠲᠤᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠬᠤᠷᠠᠯ ᠳᠡᠭᠡᠷ᠎ᠡ᠂ ᠨᠠᠮ ᠤᠨ ᠭᠡᠰᠢᠭᠦᠨ ᠨᠢᠭᠡᠪᠦᠷᠢ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠤᠨ ᠳᠤᠮᠳᠠ᠂ ᠤᠯᠠᠨ ᠢᠶᠠᠷ ᠢᠶᠠᠨ ᠪᠤᠰᠤᠳ ᠨᠠᠮ ᠤᠨ ᠭᠡᠰᠢᠭᠦᠨ ᠢ ᠨᠠᠷᠢᠨ ᠬᠢᠨᠠᠮᠠᠭᠠᠢ᠂ ᠪᠤᠰᠤᠳᠴᠢ᠂ ᠪᠦᠬᠦ ᠲᠠᠯ᠎ᠠ ᠪᠠᠷ ᠦᠨᠡᠯᠡᠯᠲᠡ ᠬᠢᠵᠦ᠂ ᠬᠤᠷᠠᠯ ᠨᠢ ᠦᠵᠡᠯ ᠰᠠᠨᠠᠭ᠎ᠠ ᠪᠠᠨ ᠰᠣᠯᠢᠯᠴᠠᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠪᠦᠯᠬᠦᠮᠳᠡᠯ ᠢ ᠠᠬᠢᠭᠤᠯᠬᠤ ᠬᠠᠷᠠᠯᠲᠠ ᠳᠠᠭᠠᠨ ᠬᠦᠷᠴᠡᠢ᠃      ᠡᠨᠡ ᠣᠳᠠᠭᠠᠨ ᠤ ᠲᠤᠰᠬᠠᠢ ᠰᠡᠲᠤᠪᠲᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠨᠢ ᠪᠦᠬᠦ ᠨᠠᠮ ᠤᠨ ᠭᠡᠰᠢᠭᠦᠨ ᠤ ᠦᠵᠡᠯ ᠰᠠᠨᠠᠭᠠᠨ ᠤ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂ ᠴᠢᠷᠮᠠᠶᠢᠬᠤ ᠴᠢᠭᠯᠡᠯ ᠢ ᠨᠢ ᠲᠣᠳᠣᠷᠬᠠᠢ ᠪᠣᠯᠭᠠᠭᠰᠠᠨ ᠪᠠᠶᠢᠨ᠎ᠠ᠃ ᠤᠯᠢᠶᠠᠰᠤᠲᠠᠢ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠨᠢ ᠲᠤᠰ ᠤᠳᠠᠭᠠᠨ ᠤ ᠲᠤᠰᠬᠠᠢ ᠰᠡᠲᠤᠪᠲᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠠᠵᠢᠯ ᠤᠨ ᠠᠷᠭ᠎ᠠ ᠬᠡᠯᠪᠡᠷᠢ ᠶᠢ ᠦᠷᠭᠦᠯᠵᠢᠯᠡᠨ ᠰᠢᠨ᠎ᠡ ᠪᠠᠷ ᠡᠭᠦᠳᠴᠦ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠣᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠰᠢᠨ᠎ᠡ ᠳᠦᠷᠰᠦ ᠪᠠᠶᠢᠳᠠᠯ ᠢᠶᠠᠷ 2024 ᠣᠨ ᠤ ᠰᠢᠨ᠎ᠡ ᠥᠷᠢᠰᠦᠯᠳᠦᠭᠡᠨ ᠪᠣᠯᠣᠨ ᠰᠢᠯᠭᠠᠯᠲᠠ ᠶᠢ ᠣᠭᠲᠤᠨ ᠠᠪᠤᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号