ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ 2023 ᠣᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠬᠢᠨᠠᠨ ᠰᠢᠯᠭᠠᠯᠲᠠ ᠵᠢᠴᠢ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/26
      ᠬᠠᠪᠤᠷ ᠨᠠᠮᠤᠷ ᠡᠭᠡᠯᠵᠢᠯᠡᠭᠰᠡᠭᠡᠷ 2023 ᠣᠨ ᠦᠩᠭᠡᠷᠡᠨ ᠤᠳᠴᠤ 2024 ᠣᠨ ᠤᠶᠠᠭᠠᠨ ᠳᠤ ᠰᠠᠭᠠᠳᠠᠯ᠎ᠠ᠃ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠵᠢᠱᠢᠶᠡᠴᠢ ᠰᠤᠩᠭᠤᠨ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠡᠷᠴᠢ ᠵᠣᠷᠢᠭ ᠢ ᠨᠢ ᠬᠥᠭᠵᠢᠭᠡᠬᠦ ᠶᠢᠨ ᠲᠥᠯᠥᠭᠡ 1 ᠳ᠋ᠦ᠋ᠭᠡᠷ ᠰᠠᠷ᠎ᠠ ᠶᠢᠨ 23 ᠤ ᠡᠳᠦᠷ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ 2023 ᠣᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠬᠢᠨᠠᠨ ᠰᠢᠯᠭᠠᠯᠲᠠ ᠵᠢᠴᠢ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠠᠵᠢᠯ ᠤᠨ ᠬᠤᠷᠠᠯ ᠬᠤᠷᠠᠯᠳᠤᠭᠤᠯᠪᠠ᠃ ᠦᠩᠭᠡᠷᠡᠭᠰᠡᠨ ᠨᠢᠭᠡ ᠵᠢᠯ ᠳᠤ ᠠᠵᠢᠯ ᠳᠤ ᠪᠠᠨ ᠢᠳᠡᠪᠬᠢᠲᠡᠢ ᠲᠤᠤᠷᠴᠢᠯᠠᠭᠰᠠᠨ ᠬᠠᠮᠢᠶᠠᠷᠤᠯᠲᠠ  ᠶᠢᠨ ᠠᠵᠢᠯᠲᠠᠨ᠂ ᠴᠡᠷᠢᠭ ᠠᠴᠠ ᠬᠠᠯᠠᠭᠳᠠᠭᠰᠠᠳ ᠪᠤᠯᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠢ ᠬᠥᠬᠢᠭᠦᠯᠦᠨ ᠰᠠᠶᠢᠰᠢᠶᠠᠵᠠᠢ᠃ ᠨᠡᠶᠢᠭᠡᠮ ᠲᠣᠭᠤᠷᠢᠭ ᠤᠨ ᠪᠥᠬᠦ ᠠᠵᠢᠯᠲᠠᠨ ᠬᠤᠷᠠᠯ ᠳᠤ  ᠤᠷᠤᠯᠴᠠᠪᠠ᠃      ᠬᠤᠷᠠᠯ ᠳᠤ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠥᠸᠧ 2023 ᠣᠨ ᠤ ᠠᠵᠢᠯ ᠤᠨ ᠳ᠋ᠦᠩᠨᠡᠯᠲᠡ ᠬᠢᠵᠦ᠂ ᠨᠢᠭᠡ ᠵᠢᠯ ᠤᠨ ᠲᠤᠷᠰᠢᠬᠢ ᠨᠡᠶᠢᠭᠡᠮ ᠲᠣᠭᠤᠷᠢᠭ ᠤᠨ ᠠᠵᠢᠯ ᠤᠨ ᠳᠤᠮᠳᠠ ᠣᠯᠣᠭᠰᠠᠨ ᠠᠮᠵᠢᠯᠲᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠤᠶᠢᠰᠢᠳᠠ ᠶᠢᠨ ᠠᠵᠢᠯ ᠤᠨ ᠴᠢᠭᠯᠡᠯ ᠢ ᠲᠤᠷᠠᠳᠤᠪᠠ᠃ ᠳᠠᠷᠠᠭ᠎ᠠ ᠪᠠᠷ ᠨᠢ ᠬᠤᠷᠠᠯ ᠳᠤ ᠣᠷᠣᠯᠴᠠᠭᠰᠠᠳ ᠮᠣᠷᠠᠯ᠂ ᠴᠢᠳᠠᠪᠤᠷᠢ᠂ ᠠᠵᠢᠯᠴᠢ᠂ ᠪᠦᠳᠦᠭᠡᠯᠴᠢ᠂ ᠠᠷᠢᠭᠤᠨ ᠴᠢᠬᠡᠴᠢ ᠵᠡᠷᠭᠡ ᠲᠠᠪᠤᠨ ᠲᠠᠯ᠎ᠠ ᠠᠴᠠ  ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠳ ᠲᠤ ᠠᠷᠠᠳᠴᠢᠯᠠᠯ ᠤᠨ ᠦᠨᠡᠯᠡᠯᠲᠡ ᠬᠢᠭᠰᠡᠨ ᠪᠠᠶᠢᠨ᠎ᠠ᠃ ᠠᠷᠠᠳᠴᠢᠯᠠᠯ ᠢᠶᠠᠷ ᠪᠢᠯᠧᠲ ᠥᠭᠬᠦ ᠠᠷᠭ᠎ᠠ ᠪᠠᠷ ᠳᠠᠮᠵᠢᠭᠤᠯᠤᠨ 2023 ᠣᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ ᠤᠨ ᠰᠢᠯᠢᠳᠡᠭ ᠭᠡᠰᠢᠭᠦᠨ︾᠂ ᠨᠡᠶᠢᠭᠡᠮ ᠲᠣᠭᠤᠷᠢᠭ ᠤᠨ ︽ᠰᠢᠯᠢᠳᠡᠭ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ︾᠂ ᠨᠡᠶᠢᠭᠡᠮ ᠲᠣᠭᠤᠷᠢᠭ ᠤᠨ ︽ᠰᠢᠯᠢᠳᠡᠭ ᠴᠡᠷᠢᠭ ᠠᠴᠠ ᠬᠠᠯᠠᠭᠳᠠᠭᠰᠠᠳ︾ ᠢ ᠰᠢᠯᠭᠠᠷᠠᠭᠤᠯᠤᠭᠰᠠᠨ ᠪᠥᠭᠡᠳ ᠲᠡᠳᠡᠨ ᠢ ᠬᠥᠬᠢᠭᠦᠯᠦᠨ ᠱᠠᠩᠨᠠᠪᠠ᠃      ᠦᠯᠢᠭᠡᠷ ᠳᠠᠭᠤᠷᠢᠶᠠᠯ ᠢᠶᠠᠷ ᠬᠦᠴᠦᠨ ᠴᠢᠳᠠᠯ ᠢᠶᠠᠨ ᠨᠢᠭᠲᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠰᠢᠨ᠎ᠡ ᠨᠢᠭᠡ ᠵᠢᠯ ᠳᠤ᠂ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ  ᠨᠢ ᠡᠷᠴᠢ ᠵᠣᠷᠢᠭ ᠢᠶᠠᠨ ᠬᠥᠪᠴᠢᠯᠡᠨ᠂ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠰᠠᠭᠤᠭᠠᠯᠢ ᠠᠷᠠᠳ ᠤᠨ ᠬᠦᠴᠦᠨ ᠢ ᠨᠢᠭᠲᠠᠷᠠᠭᠤᠯᠵᠤ᠂ ᠬᠠᠮᠲᠤᠪᠠᠷ ᠪᠠᠶᠢᠭᠤᠯᠬᠤ ᠬᠦᠴᠦᠨ ᠢ ᠨᠢᠬᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠩᠭᠤᠵᠢᠭᠤᠯᠤᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠠᠷ ᠰᠠᠭᠤᠷᠢ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠬᠤᠯᠪᠣᠭᠠᠰᠤ ᠪᠣᠯᠭᠠᠵᠤ᠂ ᠪᠣᠳᠠᠲᠠᠢ ᠠᠵᠢᠯ ᠤᠨ ᠳᠤᠮᠳᠠ ᠨᠡᠩ ᠰᠠᠶᠢᠨ  ᠰᠠᠶᠢᠬᠠᠨ ᠢ ᠪᠢᠴᠢᠭᠯᠡᠬᠦ ᠪᠤᠯᠤᠨ᠎ᠠ᠃
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号