ᠮᠠᠨᠳᠤᠬᠤᠪᠤᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠥᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/1/26
      1 ᠰᠠᠷ᠎ᠠ ᠶᠢᠨ 18 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠮᠠᠨᠳᠤᠬᠤᠪᠤᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠥᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠦ᠂ ᠬᠤᠷᠠᠯ ᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠵᠠᠯᠸ᠎ᠠ ᠡᠷᠭᠢᠯᠡᠪᠡ᠃      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠷ ᠭᠤᠣᠯ ᠰᠡᠳᠦᠪ ᠪᠣᠯᠭᠠᠨ᠂ ︽ᠵᠢᠷᠭᠤᠭᠠᠨ ᠦᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠤᠨ ᠲᠣᠭᠤᠷᠢᠨ ᠳᠤ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠰᠢᠰᠲ᠋ᠧᠮ ᠲᠠᠢ ᠲᠠᠶᠢᠯᠪᠤᠷᠢᠯᠠᠨ᠂ ᠨᠠᠮ ᠤᠨ ᠭᠡᠰᠢᠭᠦᠨ ᠨᠥᠬᠦᠳ ᠢ ᠴᠠᠭ ᠢᠮᠠᠭᠲᠠ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠭᠤᠶᠢᠪᠢᠰᠢ ᠦᠭᠡᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠬᠤ ᠪᠠᠷ ᠬᠥᠮᠥᠵᠢᠭᠦᠯᠬᠦ ᠶᠢ ᠴᠢᠨᠠᠭᠰᠢᠳᠠ ᠬᠥᠲᠥᠯᠥᠨ ᠳᠠᠭᠠᠭᠤᠯᠵᠠᠢ᠃      ᠮᠠᠨᠳᠤᠬᠤᠪᠤᠯᠠᠭ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ       ᠰᠣᠨᠣᠰᠴᠤ᠂ ᠨᠠᠮ ᠢᠶᠠᠨ ᠳᠠᠭᠠᠬᠤ︾ ᠣᠯᠠᠨ ᠲᠥᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠤᠷᠮᠠᠰᠢᠭᠤᠯᠵᠤ ᠭᠠᠷᠭᠠᠭᠰᠠᠨ ᠢᠲᠡᠭᠡᠯ ᠵᠣᠷᠢᠭ ᠡᠷᠴᠢ ᠵᠣᠷᠢᠭ ᠢ ᠠᠵᠢᠯ ᠬᠢᠵᠦ ᠦᠢᠯᠡᠰ ᠪᠣᠰᠬᠠᠬᠤ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤᠮᠳᠠ ᠦᠨᠳᠦᠰᠦᠨ ᠱᠠᠲᠤᠨ ᠤ ᠬᠦᠴᠦᠨ ᠢ ᠢᠯᠡᠷᠡᠭᠦᠯᠦᠨ᠂ ᠮᠠᠯᠵᠢᠬᠤ ᠣᠷᠣᠨ ᠤ ᠡᠯ᠎ᠡ ᠵᠦᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号