ᠮᠠᠨᠳᠤᠬᠤᠪᠤᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ 2023 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠠᠷᠠᠳᠴᠢᠯᠠᠯ ᠢᠶᠠᠷ ᠰᠢᠯᠭᠠᠨ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/26
      1 ᠰᠠᠷ᠎ᠠ ᠶᠢᠨ 18 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠮᠠᠨᠳᠤᠬᠤᠪᠤᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ 2023 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠠᠷᠠᠳᠴᠢᠯᠠᠯ ᠢᠶᠠᠷ ᠰᠢᠯᠭᠠᠨ ᠦᠨᠡᠯᠡᠬᠦ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠵᠠᠯᠸ᠎ᠠ ᠡᠷᠭᠢᠯᠡᠪᠡ᠃      ᠬᠤᠷᠠᠯ ᠠᠴᠠ ᠡᠮᠦᠨ᠎ᠡ᠂ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠠᠵᠢᠯ ᠤᠨ ᠲᠤᠬᠠᠢ ᠱᠠᠭᠠᠷᠳᠠᠯᠭ᠎ᠠ ᠶᠢ ᠤᠯᠠᠮᠵᠢᠯᠠᠨ᠂ ᠬᠠᠮᠢᠶ᠎ᠠ ᠪᠦᠬᠦᠢ ᠠᠵᠢᠯ ᠤᠨ ᠶᠠᠪᠤᠳᠠᠯ ᠢ ᠲᠣᠬᠢᠷᠠᠭᠤᠯᠤᠨ ᠪᠠᠶᠢᠷᠢᠯᠠᠭᠤᠯᠵᠠᠢ᠃ ᠡᠭᠦᠨ ᠤ ᠬᠠᠮᠲᠤ᠂ ᠰᠡᠳᠬᠢᠯ ᠤᠨ ᠦᠭᠡ ᠪᠠᠨ ᠶᠠᠷᠢᠯᠴᠠᠬᠤ ᠪᠠ ᠠᠰᠠᠭᠤᠳᠠᠯ ᠢ ᠪᠠᠶᠢᠴᠠᠭᠠᠨ ᠳᠡᠯᠭᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠬᠦᠳ ᠢ ᠰᠢᠪᠠᠳᠠᠨ ᠵᠢᠯᠤᠭᠤᠳᠴᠤ ᠥᠪᠡᠷ ᠤᠨ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠢᠶᠠᠨ ᠨᠠᠷᠢᠨ ᠬᠢᠨᠠᠮᠠᠭᠠᠢ ᠪᠠᠶᠢᠴᠠᠭᠠᠨ᠂ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠶᠢᠨ ᠮᠠᠲ᠋ᠧᠷᠢᠶᠠᠯ ᠢ ᠪᠢᠴᠢᠵᠦ᠂ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠢᠬᠦ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠰᠢᠯᠭᠠᠨ ᠦᠨᠡᠯᠡᠬᠦ ᠠᠵᠢᠯ ᠢ ᠰᠠᠶᠢᠲᠤᠷ ᠬᠢᠬᠦ ᠳᠤ ᠭᠦᠢᠴᠡᠳ ᠪᠡᠯᠡᠳᠬᠡᠯ ᠬᠢᠭᠰᠡᠨ ᠪᠠᠶᠢᠨ᠎ᠠ᠃      ᠬᠤᠷᠠᠯ ᠳᠤ᠂ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠵᠠᠯᠸ᠎ᠠ ᠵᠢᠷᠭᠤᠭᠠᠨ ᠲᠠᠯ᠎ᠠ ᠪᠠᠷ ᠨᠠᠮ ᠤᠨ ᠡᠭᠦᠷ ᠲᠤ ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ ᠳᠡᠯᠭᠡᠪᠡ᠃ ᠬᠤᠷᠠᠯ ᠳᠤ ᠣᠷᠣᠯᠴᠠᠭᠰᠠᠨ ᠨᠠᠮ ᠤᠨ ᠭᠡᠰᠢᠬᠦᠳ ᠶᠠᠷᠢᠶ᠎ᠠ ᠲᠠᠯᠪᠢᠵᠤ᠂ ᠲᠤᠰ ᠪᠡᠶ᠎ᠡ ᠶᠢᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠰᠤᠷᠤᠯᠴᠠᠨ ᠲᠤᠭᠤᠰᠢᠯᠠᠭᠤᠯᠤᠭᠰᠠᠨ ᠪᠠᠶᠢᠳᠠᠯ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠦᠭᠰᠡᠨ ᠪᠠᠶᠢᠳᠠᠯ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠭᠰᠡᠨ ᠪᠠᠶᠢᠳᠠᠯ ᠵᠡᠷᠭᠡ ᠲᠠᠯ᠎ᠠ ᠶᠢᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠭᠤᠣᠯᠳᠠᠯᠭ᠎ᠠ ᠲᠠᠢ ᠪᠠᠷ ᠵᠠᠳᠠᠯᠤᠨ ᠰᠢᠨᠵᠢᠯᠡᠵᠦ᠂ ᠨᠠᠮ ᠤᠨ ᠭᠡᠰᠢᠭᠦᠨ ᠨᠢᠭᠡᠪᠦᠷᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠭᠦᠮᠵᠢᠯᠡᠯ ᠰᠠᠨᠠᠯ ᠳᠤᠷᠠᠳᠬᠤ ᠶᠢᠨ ᠬᠠᠮᠲᠤ ᠵᠢᠷᠤᠮ ᠶᠣᠰᠣᠭᠠᠷ ᠨᠠᠮ ᠤᠨ ᠭᠡᠰᠢᠭᠦᠨ ᠢ ᠠᠷᠠᠳᠴᠢᠯᠠᠯ ᠢᠶᠠᠷ ᠰᠢᠯᠭᠠᠨ ᠦᠨᠡᠯᠡᠪᠡ᠃      ᠮᠠᠨᠳᠤᠬᠤᠪᠤᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠲᠤᠰ ᠤᠳᠠᠭᠠᠨ ᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠣᠯᠣᠨ ᠨᠠᠮ ᠤᠨ ᠭᠡᠰᠢᠬᠦᠳ ᠢ ᠠᠷᠠᠳᠴᠢᠯᠠᠯ ᠢᠶᠠᠷ ᠰᠢᠯᠭᠠᠨ ᠦᠨᠡᠯᠡᠬᠦ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠳᠠᠬᠢᠨᠲᠠ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠨᠠᠮ ᠤᠨ ᠭᠡᠰᠢᠭᠦᠳ ᠲᠠᠢ ᠪᠦᠯᠬᠦᠮᠳᠡᠨ ᠪᠦᠬᠦ ᠲᠠᠯ᠎ᠠ ᠲᠠᠢ ᠰᠡᠳᠬᠢᠯ ᠵᠢᠷᠦᠬᠡ ᠪᠠᠨ ᠬᠤᠯᠪᠣᠵᠤ᠂ ᠶᠡᠭᠡ ᠲᠠᠯ᠎ᠠ ᠳᠤ ᠦᠢᠯᠡᠴᠢᠯᠡᠨ᠂ ᠠᠭᠤᠯᠤᠭᠳᠠᠬᠤᠨ ᠤ ᠪᠠᠶᠢᠭᠤᠯᠤᠯᠲᠠ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠦᠨᠡᠨᠬᠦ ᠨᠠᠮ ᠤᠨ ᠡᠭᠦᠷ ᠤᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠪᠠᠯᠭᠠᠰᠤᠨ ᠤ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号