ᠰᠢ ᠶᠢᠨ ᠫᠢᠩ ᠵᠢᠶᠠᠩᠰᠢ ᠶᠢᠨ ᠰᠢᠨ ᠢᠦᠢ ᠬᠤᠲᠠ ᠶᠢᠨ ᠢᠦᠢ ᠱᠦᠢ ᠲᠣᠭᠤᠷᠢᠭ ᠤᠨ ᠵᠡᠭᠡᠯᠢ ᠳᠠᠭᠠᠤ ᠶᠢᠨ ᠨᠢᠭᠡᠨ ᠳᠡᠯᠭᠡᠭᠦᠷ ᠲᠤ ᠭᠠᠯ ᠤᠨ ᠭᠠᠮᠰᠢᠭ ᠤᠨ ᠠᠳᠡᠯ ᠡᠭᠦᠰᠥᠭᠰᠡᠨ ᠲᠤᠬᠠᠢ ᠴᠢᠬᠤᠯᠠ ᠵᠢᠭᠠᠪᠤᠷᠢ ᠥᠭᠴᠦ ᠱᠠᠭᠠᠷᠳᠠᠭᠰᠠᠨ ᠨᠢ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠣᠯᠠᠨ ᠡᠭᠦᠰᠬᠦ ᠦᠷᠭᠦᠯᠵᠢᠯᠡᠨ ᠡᠭᠦᠰᠬᠦ ᠬᠠᠨᠳᠤᠰᠢ ᠶᠢ ᠡᠷᠡᠰ ᠬᠤᠷᠢᠭᠯᠠᠵᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ  ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2024/1/26
      ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 24 ᠤ ᠴᠠᠭᠢᠯᠭᠠᠨ ᠮᠡᠳᠡᠭᠡ 1 ᠰᠠᠷ᠎ᠠ ᠶᠢᠨ 24 ᠤ ᠡᠳᠦᠷ ᠤᠨ 15 ᠴᠠᠭ 30 ᠮᠢᠨᠦ᠋ᠲ ᠤᠨ ᠦᠶ᠎ᠡ ᠪᠠᠷ ᠵᠢᠶᠠᠩᠰᠢ ᠶᠢᠨ ᠰᠢᠨ ᠢᠦᠢ ᠬᠤᠲᠠ ᠶᠢᠨ ᠢᠦᠢ ᠱᠦᠢ ᠲᠣᠭᠤᠷᠢᠭ ᠤᠨ ᠵᠡᠭᠡᠯᠢ ᠳᠠᠭᠠᠤ ᠶᠢᠨ ᠨᠢᠭᠡᠨ ᠳᠡᠯᠭᠡᠭᠦᠷ ᠲᠤ ᠭᠠᠯ ᠤᠨ ᠭᠠᠮᠰᠢᠭ ᠭᠠᠷᠴᠠᠢ᠃ ᠣᠳᠣᠬᠠᠨ ᠪᠤᠯᠲᠠᠯ᠎ᠠ 39 ᠬᠥᠮᠥᠨ ᠠᠳᠡᠵᠦ᠂ 9 ᠬᠥᠮᠥᠨ ᠰᠢᠷᠬᠠᠲᠤᠵᠤ᠂ ᠪᠠᠰᠠ ᠬᠥᠮᠥᠨ ᠬᠠᠷ᠎ᠠ ᠬᠠᠰᠢᠭᠳᠠᠵᠤ ᠪᠠᠶᠢᠨ᠎ᠠ᠃      ᠠᠳᠡᠯ ᠡᠭᠦᠰᠦᠭᠰᠡᠨ ᠤ ᠳᠠᠷᠠᠭ᠎ᠠ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠪᠥᠭᠡᠳ ᠴᠢᠬᠤᠯᠠ ᠵᠢᠭᠠᠪᠤᠷᠢ ᠥᠭᠴᠦ᠂ ᠵᠢᠶᠠᠩᠰᠢ ᠶᠢᠨ ᠰᠢᠨ ᠢᠦᠢ ᠬᠤᠲᠠ ᠶᠢᠨ ᠢᠦᠢ ᠱᠦᠢ ᠲᠣᠭᠤᠷᠢᠭ ᠤᠨ ᠵᠡᠭᠡᠯᠢ ᠳᠠᠭᠠᠤ ᠶᠢᠨ ᠨᠢᠭᠡᠨ ᠳᠡᠯᠭᠡᠭᠦᠷ ᠲᠤ ᠭᠠᠯ ᠤᠨ ᠭᠠᠮᠰᠢᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠵᠠᠢ᠃ ᠰᠢᠷᠬᠠᠲᠤᠭᠰᠠᠳ ᠢ ᠪᠦᠭᠦ ᠬᠦᠴᠦ ᠪᠠᠷ ᠢᠶᠠᠨ ᠠᠪᠤᠷᠠᠨ ᠡᠮᠨᠡᠵᠦ᠂ ᠠᠳᠡᠭᠰᠡᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ᠃ ᠡᠨᠡ ᠪᠣᠯ ᠣᠶᠢᠷ᠎ᠠ ᠶᠢᠨ ᠬᠤᠭᠤᠴᠠᠭᠠᠨ ᠳᠤ ᠭᠠᠷᠤᠭᠰᠠᠨ ᠠᠶᠤᠯᠭᠦᠢ ᠦᠢᠯᠡᠳᠪᠦᠷᠢᠯᠡᠯ ᠤᠨ ᠪᠠᠰᠠ ᠨᠢᠭᠡᠨ ᠬᠦᠨᠳᠦ ᠶᠡᠭᠡ ᠠᠳᠡᠯ ᠪᠣᠯᠣᠨ᠎ᠠ᠂ ᠰᠢᠯᠲᠠᠭᠠᠨ ᠢ ᠨᠢ ᠲᠦᠷᠭᠡᠬᠡᠨ ᠪᠠᠶᠢᠴᠠᠭᠠᠨ ᠲᠣᠳᠣᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠭᠦᠨᠵᠡᠭᠡᠢ ᠲᠤᠩᠭᠠᠨ ᠪᠣᠳᠣᠯᠬᠢᠯᠠᠬᠤ ᠬᠡᠷᠡᠭᠲᠡᠢ ᠭᠡᠪᠡ᠃ ᠰᠢ ᠶᠢᠨ ᠫᠢᠩ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠭᠠᠮᠵᠢ ᠠᠪᠴᠤ᠂ ᠲᠠᠶᠢᠪᠤᠰᠢᠷᠠᠬᠤ ᠪᠤᠳᠤᠯ ᠪᠣᠯᠣᠨ ᠬᠠᠭᠤᠳᠠᠮᠴᠢ ᠰᠡᠳᠬᠢᠴᠡ ᠶᠢ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠭᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠤᠯᠠᠨ ᠡᠭᠦᠰᠬᠦ ᠦᠷᠭᠦᠯᠵᠢᠯᠡᠨ ᠡᠭᠦᠰᠬᠦ ᠬᠠᠨᠳᠤᠰᠢ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠬᠦᠴᠦᠨ ᠢᠶᠠᠨ ᠵᠣᠬᠢᠶᠠᠨ ᠪᠠᠶᠢᠭᠤᠯᠵᠤ ᠬᠠᠰᠢᠭᠳᠠᠭᠰᠠᠨ ᠬᠥᠮᠥᠰ ᠢ ᠲᠦᠷᠭᠡᠨ ᠡᠷᠢᠨ ᠠᠪᠤᠷᠠᠵᠤ᠂ ᠰᠢᠷᠬᠠᠲᠤᠭᠰᠠᠳ ᠢ ᠪᠦᠭᠦ ᠬᠦᠴᠦ ᠪᠠᠷ ᠢᠶᠠᠨ ᠠᠪᠤᠷᠠᠨ ᠡᠮᠨᠡᠵᠦ᠂ ᠠᠲᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠰᠠᠶᠢᠲᠤᠷ ᠬᠢᠬᠦ ᠬᠡᠷᠡᠭᠲᠡᠢ ᠪᠥᠭᠡᠳ ᠠᠳᠡᠯ ᠤᠨ ᠰᠢᠯᠲᠠᠭᠠᠨ ᠢ ᠲᠦᠷᠭᠡᠨ ᠪᠠᠶᠢᠴᠠᠭᠠᠨ ᠲᠣᠳᠣᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠲᠤ ᠭᠠᠯ ᠤᠨ ᠭᠠᠮᠰᠢᠭ ᠤᠨ ᠠᠳᠡᠯ ᠵᠠᠯᠭᠠᠭ᠎ᠠ ᠪᠠᠷ ᠡᠭᠦᠰᠴᠦ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠠᠭᠲᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠨ ᠠᠮᠤᠷ ᠲᠦᠪᠰᠢᠨ ᠤ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠭᠤᠣᠯᠳᠠᠯᠭ᠎ᠠ ᠲᠠᠢ ᠬᠦᠷᠢᠶ᠎ᠡ᠂ ᠪᠠᠭᠤᠷᠠᠢ ᠭᠤᠭᠴᠤᠭ᠎ᠠ ᠶᠢᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠳᠠᠯᠳᠠ ᠭᠠᠵᠠᠷ᠂ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃      ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠳᠡᠯ ᠢ ᠰᠢᠢᠳᠪᠦᠷᠢᠯᠡᠬᠦ ᠠᠵᠢᠯ ᠢ ᠵᠢᠯᠣᠭᠤᠳᠪᠠ᠃ ᠵᠢᠶᠠᠩᠰᠢ ᠮᠤᠵᠢ᠂ ᠰᠢᠨ ᠢᠦᠢ ᠬᠤᠲᠠ ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠬᠤ ᠪᠠ ᠬᠤᠶᠢᠲᠤᠬᠢ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ ᠣᠳᠣᠬᠠᠨ ᠳᠤ᠂ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号