ᠰᠢ ᠶᠢᠨ ᠫᠢᠩ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠢ ᠶᠢᠨ ᠳᠠᠶᠢᠯᠠᠯᠭ᠎ᠠ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2024/1/26
      ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 25 ᠤ ᠴᠠᠭᠢᠯᠭᠠᠨ ᠮᠡᠳᠡᠭᠡ 1 ᠰᠠᠷ᠎ᠠ ᠶᠢᠨ 25 ᠤ       ᠡᠳᠦᠷ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠶ ᠶᠢᠨ ᠳᠠᠶᠢᠯᠠᠯᠭ᠎ᠠ ᠤᠯᠤᠰ ᠤᠨ ᠶᠡᠭᠡ ᠲᠢᠶᠠᠳ᠋ᠷ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠤ᠋ ᠪᠠᠷ ᠪᠠᠶᠠᠷ ᠤᠨ ᠦᠭᠡ ᠬᠡᠯᠡᠪᠡ᠃
     1 ᠰᠠᠷ᠎ᠠ ᠶᠢᠨ 25 ᠤ ᠡᠳᠦᠷ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢᠨ ᠳᠠᠶᠢᠯᠠᠯᠭ᠎ᠠ ᠪᠡᠭᠡᠵᠢᠩ ᠳᠠᠬᠢ ᠤᠯᠤᠰ ᠤᠨ ᠶᠡᠭᠡ ᠲᠢᠶᠠᠲᠷ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠤ᠋ ᠪᠠᠷ ᠪᠠᠶᠠᠷ ᠤᠨ ᠦᠭᠡ ᠬᠡᠯᠡᠪᠡ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ      ᠰᠢ ᠶᠢᠨ ᠫᠢᠩ᠂ 60 ᠵᠢᠯ ᠤᠨ ᠡᠮᠦᠨᠡᠬᠢ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ ᠶᠠᠪᠤᠳᠠᠯ ᠪᠣᠯ ᠤᠯᠠᠨ ᠤᠯᠤᠰ ᠤᠨ ᠬᠠᠷᠢᠯᠴᠠᠭᠠᠨ ᠤ ᠲᠡᠦᠬᠡᠨ ᠳᠠᠬᠢ ᠶᠡᠭᠡ ᠶᠠᠪᠤᠳᠠᠯ ᠪᠣᠯᠣᠨ᠎ᠠ᠃ ᠲᠡᠷᠢᠭᠦᠯᠡᠭᠴᠢ ᠮᠠᠤ ᠽᠧ ᠳ᠋ᠦᠩ ᠪᠣᠯᠣᠨ ᠳ᠋ᠧᠭᠤᠯ ᠵᠠᠩᠵᠤᠨ ᠶᠡᠷᠦ ᠪᠤᠰᠤ ᠶᠢᠨ ᠤᠶᠤᠨ ᠤᠬᠠᠭᠠᠨ ᠪᠠ ᠰᠥᠰᠥ ᠵᠣᠷᠢᠭ ᠢᠶᠠᠷ ᠳᠤᠮᠳᠠᠳᠤ ᠥᠷᠥᠨᠡᠳᠠᠬᠢᠨ ᠤ ᠶᠠᠪᠤᠯᠴᠠᠭ᠎ᠠ ᠬᠠᠮᠲᠤᠷᠠᠯᠴᠠᠭᠠᠨ ᠤ ᠲᠣᠮᠣ ᠡᠭᠦᠳᠡ ᠶᠢ ᠨᠡᠭᠡᠭᠡᠵᠦ᠂ ᠬᠦᠢᠲᠡᠨ ᠲᠠᠶᠢᠨ ᠤ ᠳᠤᠮᠳᠠ ᠣᠷᠣᠰᠢᠵᠤ ᠪᠠᠶᠢᠭᠰᠠᠨ ᠳᠡᠯᠡᠬᠡᠢ ᠶᠢᠷᠲᠢᠨᠴᠦ ᠳᠤ ᠬᠦᠰᠡᠯ ᠡᠷᠡᠮᠡᠯᠵᠡᠯ ᠢ ᠠᠪᠴᠢᠷᠠᠵᠤ ᠥᠭᠪᠡ᠃ 60 ᠵᠢᠯ ᠤᠨ ᠲᠤᠷᠰᠢ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠢᠮᠠᠭᠲᠠ ᠳᠤᠮᠳᠠᠳᠤ ᠤᠯᠤᠰ ᠪᠣᠯᠣᠨ ᠥᠷᠥᠨᠡᠳᠠᠬᠢᠨ ᠤ ᠤᠯᠤᠰ ᠤᠳ ᠤᠨ ᠬᠠᠷᠢᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠠᠪᠴᠢᠷᠠᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠪᠣᠯᠣᠨ ᠬᠥᠭᠵᠢᠯᠲᠡ ᠳᠤ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠹᠷᠠᠨᠼᠢ ᠶᠢᠨ ᠬᠠᠷᠢᠯᠴᠠᠭᠠᠨ ᠤ ᠥᠪᠡᠷᠮᠢᠴᠡ ᠲᠡᠦᠬᠡ ᠨᠢ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ︽ᠳᠤᠮᠳᠠᠳᠤ ᠹᠷᠠᠨᠼᠢ ᠶᠢᠨ ᠵᠣᠷᠢᠭ ᠰᠠᠨᠠᠭ᠎ᠠ︾ ᠶᠢ ᠪᠦᠷᠢᠯᠳᠦᠭᠦᠯᠵᠡᠢ᠃ ᠰᠢᠨ᠎ᠡ ᠴᠠᠭ ᠦᠶ᠎ᠡ ᠶᠢᠨ ᠪᠠᠶᠢᠳᠠᠯ ᠲᠣᠬᠢᠶᠠᠯᠳᠤᠯ ᠤᠨ ᠡᠮᠦᠨ᠎ᠡ᠂ ᠳᠤᠮᠳᠠᠳᠤ ᠹᠷᠠᠨᠼᠢ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ ᠢᠷᠡᠭᠡᠳᠦᠢ ᠳᠤ ᠢᠳᠡᠪᠬᠢᠲᠡᠢ ᠬᠠᠨᠳᠤᠵᠤ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠡᠷᠡᠰ ᠭᠤᠶᠢᠪᠢᠰᠢ ᠦᠭᠡᠢ ᠬᠥᠭᠵᠢᠭᠦᠯᠵᠦ᠂ ᠳᠤᠮᠳᠠᠳᠤ ᠹᠷᠠᠨᠼᠢ ᠶᠢᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠢᠶᠠᠷ ᠳᠡᠯᠡᠬᠡᠢ ᠶᠢᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠶ᠎ᠠ︔ ᠳᠤᠮᠳᠠᠳᠤ ᠹᠷᠠᠨᠼᠢ ᠶᠢᠨ ᠰᠣᠶᠣᠯ ᠵᠢᠭᠤᠯᠴᠢᠯᠠᠯ ᠤᠨ ᠣᠨ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠢᠶᠠᠷ ᠠᠵᠠ ᠲᠣᠭᠢᠶᠠᠯ ᠪᠤᠯᠭᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠭᠢᠭᠤᠯᠤᠶ᠎ᠠ︔ ᠡᠷᠭᠡ ᠲᠡᠭᠰᠢ ᠡᠮᠬᠢ ᠴᠡᠭᠴᠡ ᠲᠠᠢ ᠳᠡᠯᠡᠬᠡᠢ ᠶᠢᠨ ᠤᠯᠠᠨ ᠲᠦᠢᠯᠰᠢᠷᠠᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠦᠷᠭᠦᠯᠵᠢᠯᠡᠨ ᠳᠤᠮᠳᠠᠳᠤ ᠹᠷᠠᠨᠼᠢ ᠶᠢᠨ ᠬᠤᠪᠢ ᠨᠡᠮᠡᠷᠢ ᠶᠢ ᠦᠵᠡᠭᠦᠯᠦᠶ᠎ᠡ︔ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠤᠯᠠᠮᠵᠢᠯᠠᠯᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠵᠡᠷᠭᠡ ᠪᠠᠷ ᠪᠣᠬᠢᠷᠳᠤᠯ ᠦᠭᠡᠢ ᠠᠵᠤ ᠦᠢᠯᠡᠰ᠂ ᠴᠡᠪᠡᠷ ᠡᠨᠧᠷᠭᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭᠠᠨ ᠤ ᠲᠠᠯᠳᠠ ᠬᠦᠴᠦᠨ ᠢ ᠢᠳᠡᠪᠬᠢᠲᠡᠢ ᠠᠭᠤᠳᠠᠯᠵᠤ᠂ ᠶᠡᠭᠡ ᠠᠮᠵᠢᠯᠲᠠ ᠪᠦᠲᠦᠭᠡᠯ ᠭᠠᠷᠭᠠᠬᠤ ᠶᠢ ᠪᠠᠷᠢᠮᠲᠠᠯᠠᠵᠤ᠂ ᠨᠡᠭᠡᠭᠡᠯᠲᠡ ᠪᠠᠷ ᠬᠠᠮᠲᠤᠷᠠᠯᠴᠠᠭᠠᠨ ᠤ ᠬᠦᠴᠦᠨ ᠢ ᠨᠢᠭᠲᠠᠷᠠᠭᠤᠯᠵᠤ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠶ᠎ᠡ᠃ ᠳᠠᠷᠠᠭᠠᠴᠢ ᠶᠢᠨ 60 ᠵᠢᠯ ᠳᠤ ᠬᠠᠨᠳᠤᠨ᠂ ᠳᠤᠮᠳᠠᠳᠤ ᠹᠷᠠᠨᠼᠢ ᠭᠠᠷ ᠬᠤᠯᠪᠣᠯᠴᠠᠨ ᠬᠠᠮᠲᠤᠷᠠᠯᠴᠠᠪᠠᠯ᠂ ᠯᠠᠪᠲᠠᠢ ᠭᠡᠷᠡᠯ ᠰᠠᠴᠤᠷᠠᠩᠭᠤᠢ ᠠᠮᠵᠢᠯᠲᠠ ᠶᠢ ᠳᠠᠬᠢᠨᠲᠠ ᠡᠭᠦᠳᠬᠦ ᠪᠣᠯᠣᠨ᠎ᠠ ᠭᠡᠵᠦ ᠴᠢᠬᠤᠯᠠᠴᠢᠯᠠᠪᠠ᠃      ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠪᠠᠰᠠ ᠸᠢᠳᠢᠤ᠋ ᠪᠠᠷ ᠪᠠᠶᠠᠷ ᠤᠨ ᠦᠭᠡ ᠬᠡᠯᠡᠪᠡ᠃ ᠮᠠᠶᠢᠺᠷᠤᠨ᠂ 60 ᠵᠢᠯ ᠤᠨ ᠡᠮᠦᠨ᠎ᠡ᠂ ᠳ᠋ᠧᠭᠤᠯ ᠵᠠᠩᠵᠤᠨ ᠯᠡᠭᠧᠷ ᠤᠨ ᠡᠰᠡᠷᠭᠦᠴᠡᠯᠳᠦᠯ ᠤᠨ ᠯᠣᠭᠢᠭ ᠢ ᠳᠠᠪᠠᠵᠤ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠬᠤ ᠲᠡᠦᠬᠡᠲᠦ ᠴᠢᠨᠠᠷᠲᠠᠢ ᠲᠣᠭᠲᠠᠭᠠᠯ ᠭᠠᠷᠭᠠᠪᠠ᠃ ᠥᠨᠥᠳᠥᠷ ᠪᠢᠳᠡ 1964 ᠣᠨ ᠳᠤ ᠲᠣᠭᠲᠠᠭᠠᠭᠰᠠᠨ ᠠᠤᠭ᠎ᠠ ᠬᠠᠷᠠᠯᠲᠠ ᠶᠢᠨ ᠰᠠᠭᠤᠷᠢᠨ ᠳᠡᠭᠡᠷ᠎ᠡ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠤᠶᠠᠷ ᠤᠯᠤᠰ ᠤᠨ ᠠᠷᠠᠳ ᠲᠦᠮᠡᠨ ᠤ ᠬᠡᠷᠡᠭᠴᠡᠭᠡ ᠶᠢ ᠬᠠᠩᠭᠠᠬᠤ ᠮᠥᠷᠲᠡᠭᠡᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠠᠰᠢᠭᠲᠠᠢ ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ ᠪᠠᠶᠢᠭᠤᠯᠬᠤ ᠬᠠᠷᠢᠭᠤᠴᠠᠯᠭ᠎ᠠ ᠲᠠᠢ ᠶᠤᠮ᠃ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠭᠠᠷ ᠬᠤᠯᠪᠣᠯᠴᠠᠨ ᠴᠢᠷᠮᠠᠶᠢᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ᠂ ᠤᠯᠠᠨ ᠤᠯᠤᠰ ᠤᠨ ᠬᠢᠮᠤᠷᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ 2024 ᠣᠨ ᠪᠣᠯ ᠪᠠᠰᠠ ᠴᠤ ᠹᠷᠠᠨᠼᠢ ᠳᠤᠮᠳᠠᠳᠤ ᠶᠢᠨ ᠰᠣᠶᠣᠯ ᠵᠢᠭᠤᠯᠴᠢᠯᠠᠯ ᠤᠨ ᠣᠨ ᠪᠣᠯᠣᠨ᠎ᠠ᠂ ᠬᠤᠶᠠᠷ ᠲᠠᠯ᠎ᠠ ᠪᠠᠷ ᠢᠶᠠᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠣᠯᠣᠨ᠎ᠠ᠃ ᠪᠢᠳᠡ ᠡᠭᠦᠨ ᠢᠶᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠤᠨ ᠬᠤᠭᠤᠷᠣᠨᠳᠣᠭᠢ ᠶᠠᠪᠤᠯᠴᠠᠭ᠎ᠠ ᠶᠢ ᠨᠢᠭᠲᠠᠷᠠᠭᠤᠯᠵᠤ᠂ ᠹᠷᠠᠨᠼᠢ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠳᠤ ᠨᠡᠩ ᠪᠠᠲᠤ ᠪᠠᠬᠢ ᠰᠠᠭᠤᠷᠢ ᠶᠢ ᠲᠠᠯᠪᠢᠯ᠎ᠠ ᠭᠡᠵᠦ ᠢᠯᠡᠳᠬᠡᠪᠡ᠃      1 ᠰᠠᠷ᠎ᠠ ᠶᠢᠨ 31 ᠤ ᠡᠳᠦᠷ᠂ ᠬᠤᠶᠠᠷ ᠤᠯᠤᠰ ᠪᠠᠰᠠ ᠫᠠᠷᠢᠰ ᠤᠨ ᠸᠧᠷᠰᠡᠢ ᠣᠷᠳᠣᠨ ᠳᠤ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠶ ᠶᠢ ᠪᠡᠯᠭᠡᠯᠡᠬᠦ ᠵᠢᠴᠢ ᠰᠣᠶᠣᠯ ᠵᠢᠭᠤᠯᠴᠢᠯᠠᠯ ᠤᠨ ᠣᠨ ᠤ ᠡᠭᠢᠯᠡᠯᠲᠡ ᠶᠢᠨ ᠠᠵᠢᠯᠯᠠᠭ᠎ᠠ ᠥᠷᠨᠢᠭᠦᠯᠵᠦ᠂ ᠬᠤᠶᠠᠷ ᠤᠯᠤᠰ ᠤᠨ ᠲᠡᠷᠢᠭᠦᠨ ᠤ ᠸᠢᠳᠢᠤ᠋ ᠪᠠᠷ ᠬᠡᠯᠡᠭᠰᠡᠨ ᠪᠠᠶᠠᠷ ᠤᠨ ᠦᠭᠡ ᠶᠢ ᠨᠡᠪᠲᠡᠷᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号