ᠰᠦᠨ ᠱᠤᠤ ᠴᠧᠩ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠳᠤ ᠬᠦᠷᠴᠦ ᠠᠵᠢᠯ ᠢᠶᠠᠨ ᠵᠣᠯᠭᠠᠭᠤᠯᠪᠠ
ᠨᠡᠶᠢᠲᠡᠯᠡᠭᠰᠡᠨ ᠴᠠᠭ᠄
2024/1/3
    12 ᠰᠠᠷ᠎ᠠ ᠶᠢᠨ 27 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠡᠭᠡᠵᠢᠩ ᠳᠤ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠳᠠᠷᠤᠭ᠎ᠠ ᠭᠤᠸᠠᠨ ᡁᠢ ᠧᠦ ᠲᠠᠢ ᠪᠠᠷᠠᠳᠠᠨ ᠠᠭᠤᠯᠵᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠣᠭᠤᠷᠢᠨ ᠳᠤ ᠰᠣᠯᠢᠯᠴᠠᠭ᠎ᠠ ᠬᠢᠬᠦ ᠶᠢᠨ ᠬᠠᠮᠲᠤ ᠠᠵᠢᠯ ᠢᠶᠠᠨ ᠵᠣᠯᠭᠠᠭᠤᠯᠪᠠ᠃    ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠮᠦᠨ᠎ᠡ ᠠᠴᠠ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠥᠪᠥᠷ ᠮᠣᠩᠭᠤᠯ ᠳᠤ ᠢᠮᠠᠭᠲᠠ ᠬᠦᠴᠦᠲᠡᠢ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠪᠦᠭᠦ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠵᠦ ᠪᠠᠶᠢᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠭᠤᠣᠯ ᠲᠡᠶᠢᠨ ᠤ ᠲᠠᠯᠠᠪᠤᠷ ᠤᠨ ᠶᠡᠬᠡᠩᠬᠢ ᠬᠡᠰᠡᠭ ᠨᠢ ᠥᠪᠥᠷ ᠮᠣᠩᠭᠤᠯ ᠳᠤ ᠪᠤᠶ᠂ ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠢ ᠰᠠᠶ᠋ᠢᠬᠠᠨ ᠬᠤᠷᠠᠯᠳᠤᠭᠤᠯᠵᠤ᠂ 2024 ᠣᠨ ᠤ ᠭᠤᠣᠯᠳᠠᠯᠭ᠎ᠠ ᠲᠠᠢ ᠠᠵᠢᠯ ᠤᠨ ᠲᠤᠬᠠᠢ ︽ᠵᠢᠷᠭᠤᠭᠠᠨ ᠢᠨᠵᠧᠨᠧᠷᠢᠩ︾ ᠢ ᠳᠤᠷᠠᠳᠴᠠᠢ᠂ ᠡᠭᠦᠨ ᠤ ᠳᠣᠲᠣᠷᠠᠬᠢ ᠨᠢᠭᠡ ᠨᠢ ᠳᠠᠷᠤᠢ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯᠣᠨ᠎ᠠ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠷᠠᠭᠠᠴᠢ ᠶᠢᠨ ᠠᠯᠬᠤᠮ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰᠬᠠᠢ ᠬᠥᠮᠥᠨ ᠬᠠᠷᠢᠭᠤᠴᠠᠵᠤ ᠭᠤᠣᠯᠳᠠᠯᠭ᠎ᠠ ᠲᠠᠢ ᠠᠳᠬᠤᠬᠤ ᠶᠢ ᠲᠣᠳᠣᠷᠬᠠᠶᠢᠯᠠᠨ᠎ᠠ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠠᠬᠢᠭᠤᠯᠬᠤ ᠳᠤ ᠪᠠᠰᠠ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠢᠯᠡᠭᠦᠬᠡᠨ ᠠᠷᠭ᠎ᠠ ᠪᠤᠳᠣᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠪᠣᠯᠣᠨ ᠣᠯᠠᠨ ᠲᠦᠮᠡᠨ ᠤ ᠣᠷᠤᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠥᠪᠥᠷ ᠮᠣᠩᠭᠤᠯ ᠢ ᠦᠷᠭᠦᠯᠵᠢᠯᠡᠨ ᠬᠠᠯᠠᠮᠵᠢᠯᠠᠵᠤ᠂ ᠨᠡᠩ ᠤᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠭᠦ ᠶᠢ ᠬᠦᠰᠡᠵᠦ ᠪᠠᠶᠢᠨ᠎ᠠ᠂ ᠪᠢᠳᠡ ᠯᠠᠪᠲᠠᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ ᠭᠡᠵᠡᠢ᠃    ᠭᠤᠸᠠᠨ ᡁᠢ ᠧᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠢ ᠰᠢᠭᠤᠢ ᠲᠠᠯ᠎ᠠ ᠨᠤᠲᠤᠭ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ᠂ ᠢᠯᠠᠩᠭᠤᠶ᠎ᠠ ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠪᠠᠶᠢᠷᠢ ᠠᠴᠠ ᠠᠬᠢᠭᠤᠯᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠨᠢᠮᠪᠠᠢ ᠵᠣᠬᠢᠶᠠᠨ ᠪᠠᠶᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠪᠡ᠃ ᠡᠭᠦᠨ ᠤ ᠬᠠᠮᠲᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠬᠡ ᠣᠯᠭᠤᠵᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠬᠡ ᠶᠢ ᠬᠡᠷᠡᠭᠵᠢᠭᠦᠯᠵᠦ᠂ ᠪᠦᠭᠦ ᠤᠯᠤᠰ ᠲᠤ ᠮᠠᠰᠢ ᠰᠠᠶᠢᠨ ᠵᠢᠱᠢᠶ᠎ᠡ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠲᠣᠭᠤᠷᠢᠨ ᠳᠤ᠂ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠠᠮᠵᠢᠯᠴᠠᠭ᠎ᠠ᠂ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠥᠪᠥᠷ ᠮᠣᠩᠭᠤᠯ ᠤᠨ ᠳᠠᠪᠠᠭᠤᠯᠢᠭ ᠪᠣᠯᠣᠨ ᠣᠨᠴᠠᠯᠢᠭ ᠢ ᠭᠦᠢᠴᠡᠳ ᠪᠠᠳᠠᠷᠠᠭᠤᠯᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠥᠪᠥᠷ ᠮᠣᠩᠭᠤᠯ ᠤᠨ ᠥᠯᠢᠭᠡᠷ ᠳᠠᠭᠤᠷᠢᠶᠠᠯ ᠢ ᠬᠠᠮᠲᠤ ᠪᠠᠷ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢ ᠬᠦᠰᠡᠵᠦ ᠪᠠᠶᠢᠨ᠎ᠠ ᠭᠡᠵᠡᠢ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠳᠠᠶᠢᠴᠢᠨ᠂ ᠤᠯᠤᠰ ᠤᠨ ᠣᠶ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠤᠳᠤᠷᠢᠳᠤᠯᠭ᠎ᠠ ᠲᠠᠩ ᠹᠠᠩ ᠯᠢᠨ᠂ ᠴᠧᠩ ᠬᠤᠩ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号