ᠡᠯ᠎ᠡ ᠭᠠᠵᠠᠷ ᠤᠨ ᠵᠠᠬ᠎ᠠ ᠳᠡᠯᠭᠡᠭᠦᠷ ᠲᠠᠬᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯᠡᠰ ᠤᠨ ᠬᠠᠩᠭᠠᠯᠭ᠎ᠠ ᠭᠦᠢᠴᠡᠳ ᠪᠥᠭᠡᠳ ᠦᠨ᠎ᠡ ᠬᠠᠩᠰᠢ ᠳᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2024/1/3
    ᠰᠢᠨ᠎ᠡ ᠵᠢᠯ ᠤᠨ ᠠᠮᠠᠷᠠᠯᠲᠠ ᠡᠬᠢᠯᠡᠵᠦ᠂ ᠬᠤᠲᠠ ᠬᠥᠳᠡᠭᠡᠨ ᠤ ᠵᠠᠬ᠎ᠠ ᠳᠡᠯᠭᠡᠭᠦᠷ ᠴᠦ ᠬᠡᠷᠡᠭᠯᠡᠭᠡᠨ ᠤ ᠣᠷᠭᠢᠯ ᠦᠶ᠎ᠡ ᠳᠤ ᠣᠷᠣᠵᠠᠢ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠢᠶᠠᠷ ᠢᠶᠠᠨ ᠪᠠᠶᠠᠷ ᠤᠨ ᠡᠳᠦᠷ ᠤᠳ ᠲᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠᠨ ᠴᠢᠩᠭᠠᠳᠬᠠᠵᠤ᠂ ᠡᠯ᠎ᠡ ᠲᠣᠮᠣ ᠬᠡᠲᠦ ᠳᠡᠯᠭᠡᠭᠦᠷ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠳ ᠤᠨ ᠬᠥᠮᠦᠷᠭᠡᠨ ᠤ ᠬᠠᠳᠠᠭᠠᠯᠠᠮᠵᠢ ᠭᠦᠢᠴᠡᠳ᠂ ᠪᠠᠷᠠᠭᠠᠨ ᠤ ᠢᠷᠡᠯᠲᠡ ᠶᠢᠨ ᠵᠠᠮ ᠰᠢᠯᠤᠭᠤᠨ᠂ ᠲᠠᠸᠠᠷ ᠤᠨ ᠦᠨ᠎ᠡ ᠲᠣᠭᠲᠠᠭᠤᠨ᠂ ᠪᠥᠬᠦ ᠣᠷᠣᠨ ᠤ ᠪᠠᠶᠠᠷ ᠤᠨ ᠡᠳᠦᠷ ᠤᠳ ᠲᠠᠬᠢ ᠵᠠᠬ᠎ᠠ ᠳᠡᠯᠭᠡᠭᠦᠷ ᠤᠨ ᠠᠵᠢᠯᠯᠠᠭᠠᠨ ᠲᠣᠭᠲᠠᠭᠤᠨ᠂ ᠭᠥᠭᠵᠢᠭᠦᠨ ᠪᠥᠭᠡᠳ ᠡᠮᠬᠢ ᠵᠢᠷᠤᠮ ᠲᠠᠢ ᠪᠠᠶᠢᠨ᠎ᠠ᠃    ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠬᠦᠢᠲᠡᠨ᠂ ᠴᠠᠰᠤᠲᠠᠢ ᠠᠭᠤᠷ ᠠᠮᠢᠰᠬᠤᠯ ᠲᠠᠢ ᠡᠳᠦᠷ ᠵᠢᠴᠢ ᠡᠨᠡ ᠡᠪᠦᠯ ᠢᠷᠡᠬᠦ ᠬᠠᠪᠤᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯᠡᠰ ᠤᠨ ᠵᠠᠬ᠎ᠠ ᠳᠡᠯᠭᠡᠭᠦᠷ ᠲᠠᠬᠢ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠲᠤᠬᠠᠢ ᠮᠡᠳᠡᠭᠳᠡᠯ︾ ︽2024 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠳ ᠢ ᠳᠠᠷᠤᠮᠠᠯᠯᠠᠨ ᠲᠠᠷᠬᠠᠭᠠᠭᠠᠳ ᠡᠯ᠎ᠡ ᠠᠶᠢᠮᠠᠭ ᠬᠤᠲᠠ ᠶᠢᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯᠡᠰ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢ ᠨᠢ ᠵᠢᠯᠣᠭᠤᠳᠪᠠ᠃ ᠵᠠᠬ᠎ᠠ ᠳᠡᠯᠭᠡᠭᠦᠷ ᠢ ᠬᠢᠨᠠᠨ ᠬᠡᠮᠵᠢᠵᠦ ᠪᠠᠶᠢᠴᠠᠭᠠᠨ ᠰᠣᠳᠤᠯᠬᠤ ᠪᠠᠨ ᠴᠢᠩᠭᠠᠳᠬᠠᠵᠤ᠂ 11 ᠶᠡᠭᠡ ᠲᠦᠷᠦᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯᠡᠰ ᠤᠨ ᠦᠨ᠎ᠡ ᠬᠠᠩᠰᠢ ᠶᠢᠨ ᠬᠡᠯᠪᠡᠯᠵᠡᠯᠲᠡ ᠶᠢ ᠭᠤᠣᠯᠳᠠᠯᠭ᠎ᠠ ᠲᠠᠢ ᠬᠢᠨᠡᠨ ᠬᠡᠮᠵᠢᠵᠡᠢ᠃ ᠴᠠᠭ ᠠᠭᠤᠷ ᠤᠨ ᠬᠤᠪᠢᠷᠠᠯᠲᠠ ᠶᠢᠨ ᠨᠥᠯᠥᠭᠡ ᠶᠢ ᠨᠢᠭᠲᠠ ᠮᠥᠷᠳᠡᠨ ᠵᠠᠳᠠᠯᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠳ ᠢ ᠵᠢᠯᠤᠭᠤᠳᠤᠨ ᠬᠥᠮᠦᠷᠭᠡ ᠳᠠᠬᠢ ᠬᠠᠳᠠᠭᠠᠯᠠᠮᠵᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠪᠠᠷᠠᠭ᠎ᠠ ᠨᠥᠬᠦᠪᠦᠷᠢᠯᠡᠬᠦ ᠳᠡᠪᠲᠡᠮᠵᠢ ᠶᠢ ᠳᠡᠭᠡᠭᠰᠢᠯᠡᠭᠦᠯᠦᠨ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯᠡᠰ ᠤᠨ ᠬᠠᠩᠭᠠᠯᠭ᠎ᠠ ᠲᠠᠰᠤᠯᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠠᠢ᠃    ᠣᠶᠢᠷ᠎ᠠ ᠶᠢᠨ ᠬᠤᠭᠤᠴᠠᠭᠠᠨ ᠤ ᠲᠣᠬᠢᠷᠠᠭᠤᠯᠤᠯᠲᠠ ᠪᠠᠷ ᠳᠡᠮᠵᠢᠨ ᠪᠥᠬᠦ ᠣᠷᠣᠨ ᠤ ᠭᠤᠣᠯᠯᠠᠭᠴᠢ ᠪᠠᠲᠤᠯᠠᠨ ᠬᠠᠩᠭᠠᠬᠤ ᠠᠵᠤ ᠠᠬᠤᠶᠢᠯᠠᠯ ᠤᠳ ᠤᠨ ᠬᠥᠮᠥᠷᠭᠡ ᠳᠤ ᠲᠤᠲᠤᠷᠭ᠎ᠠ 2.5 ᠲᠦᠮᠡᠨ ᠲᠣᠨ᠂ ᠭᠤᠯᠢᠷ 4.2 ᠲᠦᠮᠡᠨ ᠲᠣᠨ᠂ ᠢᠳᠡᠰᠢᠨ ᠲᠣᠰᠣ 1.8 ᠲᠦᠮᠡᠨ ᠲᠣᠨ ᠬᠠᠳᠠᠭᠠᠯᠠᠵᠤ ᠪᠠᠶᠢᠨ᠎ᠠ᠂ ᠵᠠᠬ᠎ᠠ ᠳᠡᠯᠭᠡᠭᠦᠷ ᠤᠨ ᠡᠳᠦᠷ ᠲᠤᠲᠤᠮ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠪᠡᠯ ᠲᠡᠳᠡᠭᠡᠷ ᠨᠢ 30 ᠡᠳᠦᠷ ᠠᠴᠠ ᠳᠡᠭᠡᠭᠰᠢᠬᠢ ᠬᠡᠪ ᠤᠨ ᠬᠠᠩᠭᠠᠯᠭ᠎ᠠ ᠶᠢ ᠬᠠᠩᠭᠠᠵᠤ ᠳᠡᠶᠢᠯᠦᠨ᠎ᠡ︔ ᠬᠥᠮᠥᠷᠭᠡ ᠳᠤ ᠮᠢᠬᠠᠨ ᠤ ᠵᠦᠢᠯᠡᠰ ᠢ 2.3 ᠲᠦᠮᠡᠨ ᠲᠣᠨ ᠬᠠᠳᠠᠭᠠᠯᠠᠵᠤ᠂ 25 ᠡᠳᠦᠷ ᠠᠴᠠ ᠳᠡᠭᠡᠭᠰᠢ ᠬᠠᠩᠭᠠᠵᠤ ᠳᠡᠶᠢᠯᠦᠨ᠎ᠡ︔ ᠲᠠᠬᠢᠶᠠᠨ ᠥᠨᠳᠡᠭᠡ 0.2 ᠲᠦᠮᠡᠨ ᠲᠣᠨ᠂ ᠢᠳᠡᠰᠢᠨ ᠨᠣᠭᠤᠭ᠎ᠠ 1.9 ᠲᠦᠮᠡᠨ ᠲᠣᠨ᠂ ᠵᠢᠮᠢᠰ 1.8 ᠲᠦᠮᠡᠨ ᠲᠣᠨ ᠬᠠᠳᠠᠭᠠᠯᠠᠵᠤ᠂ 5 ᠡᠳᠦᠷ ᠣᠷᠴᠢᠮ ᠬᠠᠩᠭᠠᠵᠤ ᠳᠡᠶᠢᠯᠬᠦ ᠪᠥᠭᠡᠳ ᠬᠠᠩᠭᠠᠯᠭ᠎ᠠ ᠶᠢᠨ ᠵᠠᠮ ᠰᠢᠯᠤᠭᠤᠬᠠᠨ ᠪᠠᠶᠢᠨ᠎ᠠ︔ ᠬᠥᠮᠦᠷᠭᠡᠨ ᠳᠠᠬᠢ ᠬᠠᠳᠠᠭᠠᠯᠠᠮᠵᠢ ᠶᠢᠨ ᠪᠠᠶᠢᠳᠠᠯ ᠠᠴᠠ ᠦᠵᠡᠪᠡᠯ᠂ ᠪᠥᠬᠦ ᠣᠷᠣᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯᠡᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠵᠤ ᠴᠢᠳᠠᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ 2023 ᠣᠨ ᠳᠠᠬᠢ ᠥᠪᠡᠷᠲᠡᠭᠡᠨ ᠵᠠᠰᠠᠬᠤ ᠣᠷᠣᠨ ᠤ ᠲᠠᠰ ᠤᠨ 4000 ᠲᠣᠨ ᠮᠢᠬ᠎ᠠ ᠨᠥᠭᠡᠴᠡᠯᠡᠬᠦ ᠡᠭᠦᠷᠭᠡ ᠶᠢᠨ ᠲᠥᠯᠥᠪᠯᠡᠭᠡ ᠶᠢ ᠪᠠᠭᠤᠯᠭᠠᠵᠠᠢ᠂ ᠣᠳᠣᠬᠠᠨ ᠳᠤ ᠨᠢᠭᠡᠨᠲᠡ ᠪᠦᠬᠦᠨ ᠢ ᠬᠠᠳᠠᠭᠠᠯᠠᠯᠲᠠ ᠳᠤ ᠣᠷᠣᠭᠤᠯᠵᠤ᠂ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤ ᠨᠢ ᠵᠠᠬ᠎ᠠ ᠳᠡᠯᠭᠡᠭᠦᠷ ᠲᠤ ᠣᠷᠣᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号