ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠲᠡᠭᠦᠰ ᠠᠮᠵᠢᠯᠲᠠ  ᠲᠠᠢ ᠦᠨᠳᠣᠷᠯᠡᠪᠡ
ᠨᠡᠶᠢᠲᠡᠯᠡᠭᠰᠡᠨ ᠴᠠᠭ᠄
2024/1/30
      1 ᠰᠠᠷ᠎ᠠ ᠶᠢᠨ 18 ᠤ ᠦᠳᠡ ᠶᠢᠨ ᠬᠤᠶᠢᠨ᠎ᠠ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠨᠢ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠣᠭᠤᠯᠪᠠ᠃      ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 164 ᠬᠥᠮᠦᠨ᠂ ᠦᠨᠦᠳᠣᠷ ᠤᠨ ᠬᠤᠷᠠᠯ ᠳᠤ 147 ᠲᠥᠯᠥᠭᠡᠯᠡᠭᠴᠢ ᠣᠷᠣᠯᠴᠠᠵᠦ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠬᠢᠩᠭᠠᠨ᠂ ᠵᠧᠦ ᠢᠦᠢ ᠯᠦᠩ᠂ ᠪᠠᠭᠠᠲᠤᠷ᠂ ᠠᠯᠮᠠᠰ᠂ ᠵᠧᠦ ᠸᠧ ᠮᠢᠨ᠂ ᠬᠠᠶ ᠪᠤᠤ᠂ ᠪᠣᠣ ᠸᠠᠨ ᠬᠤᠸᠠ᠂ ᠯᠢᠦ ᠶᠠᠨ᠂ ᠰᠠᠷᠠᠨᠰᠦ᠋ᠬᠡ ᠲᠡᠷᠢᠭᠦᠯᠡᠭᠴᠢᠳ ᠤᠨ ᠲᠠᠶᠢᠰᠠᠨ  ᠳᠤ ᠰᠠᠭᠠᠲᠠᠪᠠ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ᠄ ᠬᠢᠩᠭᠠᠨ᠂ ᠪᠠᠭᠠᠲᠤᠷ᠂ ᠰᠠᠷᠠᠨᠰᠦ᠋ᠬᠡ  ᠃        ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠶᠠᠷᠢᠶ᠎ᠠ ᠲᠠᠯᠪᠢᠵᠠᠢ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠩ ᠤᠨ ᠱᠦᠵᠢ᠂ ᠡᠷᠬᠢᠯᠡᠭᠴᠢ ᠪᠠᠭᠠᠲᠤᠷ ᠬᠤᠷᠠᠯ ᠡᠷᠬᠢᠯᠡᠭᠰᠡᠨ ᠤ ᠬᠠᠮᠲᠦ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠥᠨᠳᠥᠷᠯᠡᠭᠰᠡᠨ ᠢ ᠵᠠᠷᠯᠠᠵᠠᠢ᠃      ᠬᠤᠷᠠᠯ ᠠᠴᠠ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 5 ᠭᠡᠰᠢᠭᠦᠨ ᠢ ᠨᠥᠬᠦᠨ ᠰᠣᠩᠭᠤᠪᠠ  ᠃   ᠬᠤᠷᠠᠯ ᠤᠨ ᠲᠤᠬᠠᠶ ᠶᠢᠨ ᠲᠠᠯᠠᠪᠠᠶ ᠳᠤ 2024 ᠣᠨ ᠤ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠳᠤ ᠫᠢᠶᠤᠤ ᠥᠭᠭᠦᠭᠰᠡᠨ ᠤ ᠬᠠᠮᠲᠦ ᠦᠷ᠎ᠡ ᠳ᠋ᠦᠩ ᠢ ᠨᠢ ᠨᠡᠶᠢᠲᠡᠯᠡᠪᠡ᠃      ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠠᠷᠠᠨᠰᠦ᠋ᠬᠡ ᠠᠴᠠ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠬᠢᠪᠠ᠃ ᠬᠢᠨᠠᠨ ᠪᠠᠶᠢᠴᠠᠭᠠᠭᠠᠳ᠂ ᠲᠣᠭᠲᠠᠭᠠᠭᠰᠠᠨ ᠰᠠᠨᠠᠯ ᠵᠥᠪᠯᠡᠯᠭᠡ ᠲᠤᠰᠢᠶᠠᠬᠤ ᠬᠢᠵᠠᠭᠠᠷᠲᠦ ᠴᠠᠭ ᠤᠨ ᠳᠣᠲᠤᠷ᠎ᠠ᠂  ᠠᠷᠠᠳ ᠤᠨ ᠲᠥᠯᠥᠭᠡᠯᠡᠭᠴᠢ ᠶᠢᠨ ᠨᠡᠷ᠎ᠡ ᠬᠤᠯᠪᠤᠭᠠᠯᠠᠨ  ᠳᠡᠪᠰᠢᠭᠦᠯᠦᠭᠰᠡᠨ ᠨᠡᠶᠢᠲᠡ 87 ᠬᠤᠪᠢ ᠰᠠᠨᠠᠯ ᠵᠥᠪᠯᠡᠯᠭᠡ ᠶᠢ ᠬᠦᠯᠢᠶᠡᠨ ᠠᠪᠴᠠᠢ᠃ ᠰᠠᠨᠠᠯ ᠵᠥᠪᠯᠡᠯᠭᠡ ᠶᠢᠨ ᠠᠭᠤᠯᠭ᠎ᠠ ᠶᠣᠰᠣᠭᠠᠷ ᠲᠥᠷᠥᠯ ᠵᠦᠢᠯ ᠠᠩᠭᠢᠯᠠᠪᠠᠯ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ  ᠶᠢᠨ ᠲᠠᠯ᠎ᠠ ᠶᠢᠨ ᠰᠠᠨᠠᠯ ᠵᠥᠪᠯᠡᠯᠭᠡ 9 ᠬᠤᠪᠢ᠂ ᠡᠳ᠋ ᠤᠨ ᠵᠠᠰᠠᠭ ᠠᠵᠤ ᠠᠬᠤᠢ ᠶᠢᠨ ᠲᠠᠯ᠎ᠠ ᠶᠢᠨ ᠰᠠᠨᠠᠯ ᠵᠥᠪᠯᠡᠯᠭᠡ 2 ᠬᠤᠪᠢ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠲᠠᠯ᠎ᠠ ᠶᠢᠨ ᠰᠠᠨᠠᠯ ᠵᠥᠪᠯᠡᠯᠭᠡ 4 ᠬᠤᠪᠢ᠂ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠶᠢᠨ ᠰᠠᠨᠠᠯ ᠵᠥᠪᠯᠡᠯᠭᠡ10 ᠬᠤᠪᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠶᠢᠨ ᠰᠠᠨᠠᠯ ᠵᠥᠪᠯᠡᠯᠭᠡ 53 ᠬᠤᠪᠢ᠂ ᠠᠮᠢ ᠠᠬᠤᠶ ᠶᠢᠨ ᠬᠠᠮᠠᠭᠠᠯᠠᠯᠲᠠ ᠶᠢᠨ ᠲᠠᠯ᠎ᠠ ᠶᠢᠨ ᠰᠠᠨᠠᠯ  ᠵᠥᠪᠯᠡᠯᠭᠡ 9 ᠬᠤᠪᠢ ᠪᠠᠶᠢᠨ᠎ᠠ᠃      ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠵᠡᠭᠦᠨ ᠦᠵᠦᠮᠦᠴᠢᠨ ᠬᠤᠰᠢᠭᠤᠨ ᠤ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ  ᠶᠢᠨ ᠲᠤᠬᠠᠶ ᠰᠢᠶᠳᠪᠦᠷᠢ᠂ ᠵᠡᠭᠦᠨ ᠦᠵᠦᠮᠦᠴᠢᠨ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠦᠪ  ᠢ ᠭᠦᠶᠴᠡᠳᠬᠡᠭᠰᠡᠨ ᠪᠠᠶᠢᠳᠠᠯ ᠵᠢᠴᠢ 2024 ᠣᠨ ᠤ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ᠶᠢᠨ ᠲᠤᠬᠠᠶ ᠰᠢᠶᠳᠪᠦᠷᠢ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠵᠡᠭᠦᠨ ᠦᠵᠦᠮᠦᠴᠢᠨ ᠬᠤᠰᠢᠭᠤᠨ  ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠶᠳᠪᠦᠷᠢ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠰᠢᠶᠳᠪᠦᠷᠢ ᠶᠢ ᠪᠠᠲᠤᠯᠠᠪᠠ᠃      ᠬᠢᠩᠭᠠᠨ ᠬᠤᠷᠠᠯ ᠲᠡᠭᠦᠰᠬᠦ ᠶᠠᠷᠢᠶᠠᠨ ᠳᠠᠭᠠᠨ ᠵᠢᠭᠠᠬᠤ ᠳᠠᠭᠠᠨ᠂ ᠲᠣᠰ ᠤᠳᠠᠭᠠᠨ ᠤ ᠶᠡᠭᠡ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠬᠠᠷᠠᠯᠲᠠ ᠳᠠᠭᠠᠨ ᠬᠦᠷᠦᠭᠰᠡᠨ ᠨᠢᠭᠡ ᠤᠳᠠᠭᠠᠨ ᠤ ᠠᠷᠠᠳᠴᠢᠯᠠᠯ ᠪᠦᠯᠬᠦᠮᠳᠡᠯ ᠲᠠᠢ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ᠂ ᠢᠲᠡᠭᠡᠯ ᠵᠣᠷᠢᠭ ᠢ ᠬᠥᠪᠴᠢᠯᠡᠨ᠂ ᠵᠠᠮ ᠨᠡᠭᠡᠭᠡᠨ ᠰᠢᠨ᠎ᠡ ᠶᠢ ᠡᠭᠦᠳᠦᠭᠰᠡᠨ ᠶᠡᠭᠡ ᠬᠤᠷᠠᠯ ᠪᠣᠯᠵᠣ᠂ ᠪᠥᠬᠦ ᠬᠤᠰᠢᠭᠤᠨ ᠤ ᠠᠷᠠᠳ ᠲᠦᠮᠡᠨ ᠤ ᠰᠡᠳᠬᠢᠯ ᠢ ᠨᠢᠭᠡᠳᠦᠨ ᠬᠦᠴᠦ ᠶᠢ ᠬᠠᠮᠲᠤᠳᠬᠠᠵᠤ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠤᠯᠴᠠᠭᠤᠯᠬᠤ  ᠨᠢ ᠯᠠᠪᠲᠠᠶ ᠶᠤᠮ ᠭᠡᠪᠡ᠃      ᠬᠢᠩᠭᠠᠨ ᠵᠢᠭᠠᠬᠤ ᠳᠠᠭᠠᠨ᠂ ᠥᠩᠭᠡᠷᠡᠭᠰᠡᠨ ᠨᠢᠭᠡ ᠵᠢᠯ ᠳᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠨᠢ ᠤᠯᠤᠰ ᠲᠥᠷᠥ ᠪᠠᠷ ᠶᠡᠷᠦᠩᠬᠡᠶᠢᠯᠡᠨ ᠵᠠᠬᠢᠷᠬᠤ ᠶᠢ ᠬᠡᠵᠢᠶᠡᠳᠡ ᠭᠤᠶᠢᠪᠢᠰᠢ ᠥᠬᠡᠶ ᠪᠠᠷᠢᠮᠲᠠᠯᠠᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠴᠢᠩᠭ᠎ᠠ ᠭᠦᠶᠴᠡᠳᠬᠡᠨ ᠡᠷᠬᠡ ᠪᠠᠨ ᠬᠡᠷᠡᠭᠯᠡᠵᠦ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠰᠢᠨᠡᠴᠢᠯᠡᠵᠦ᠂ ᠲᠣᠰ ᠪᠡᠶ᠎ᠡ ᠶᠢᠨ ᠪᠠᠶᠢᠭᠤᠯᠤᠯᠲᠠ  ᠪᠠᠨ ᠴᠢᠩᠭᠠᠳᠬᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠬᠠᠤᠯᠢ ᠪᠠᠷ ᠬᠤᠰᠢᠭᠤ ᠪᠠᠨ ᠵᠠᠰᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠢ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠢᠳᠡᠪᠬᠢᠳᠡᠢ ᠦᠶᠯᠡᠳᠦᠯ ᠢ ᠪᠠᠳᠠᠷᠠᠭᠤᠯᠵᠠᠢ᠃ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠡᠷᠬᠡᠪᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠭᠡᠬᠦ ᠡᠨᠡᠬᠦ ᠦᠨᠳᠦᠰᠦᠨ ᠤᠯᠤᠰ ᠲᠥᠷᠦ ᠶᠢᠨ ᠪᠠᠶᠢᠭᠤᠯᠤᠯ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ  ᠤᠨ ᠤᠯᠤᠰ ᠲᠥᠷᠦ ᠶᠢᠨ ᠳᠠᠪᠠᠭᠤᠯᠢᠭ᠂ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠬᠤᠰᠢᠭᠤᠨ ᠤ ᠪᠦᠬᠦᠯᠢ ᠴᠣᠭᠴᠠ ᠶᠢᠨ ᠪᠠᠢᠷᠢᠯᠠᠭᠤᠯᠤᠯᠲᠠ ᠪᠠ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠠᠵᠢᠯ ᠤᠨ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠵᠤ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠬᠡᠮ ᠤᠨ ᠲᠣᠭᠲᠠᠭᠤᠨ ᠳᠠᠪᠰᠢᠯᠲᠠ ᠶᠢ ᠪᠠᠲᠤᠯᠠᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠪᠠᠶᠢᠪᠠᠰᠤ ᠵᠣᠬᠢᠬᠤ ᠦᠢᠯᠡᠳᠦᠯ ᠢ ᠪᠠᠳᠠᠷᠠᠭᠤᠯᠬᠤ ᠪᠠᠷ  ᠴᠢᠷᠮᠠᠶᠢᠬᠤ ᠬᠡᠷᠡᠭᠲᠡᠢ ᠭᠡᠪᠡ᠃      ᠬᠢᠩᠭᠠᠨ ᠴᠢᠬᠤᠯᠠᠴᠢᠯᠠᠬᠤ ᠳᠠᠭᠠᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨ‌ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠨᠠᠮ ᠤᠨ ᠤᠳᠤᠷᠢᠳᠤᠯᠭ᠎ᠠ ᠳᠣᠣᠷᠠᠬᠢ ᠴᠢᠬᠤᠯᠠ ᠤᠯᠤᠰ ᠲᠦᠷᠦ ᠶᠢᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ ᠡᠨᠡ ᠬᠦ ᠭᠤᠣᠯ ᠱᠣᠭᠤᠮ ᠢ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ ᠨᠢᠭᠲᠠ ᠤᠶᠠᠯᠳᠤᠭᠤᠯᠤᠨ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠲᠡᠦᠬᠡᠲᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠡᠯ᠎ᠡ ᠵᠦᠢᠯ ᠤᠨ ᠡᠭᠦᠷᠭᠡ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ ᠲᠥᠯᠥᠭᠡᠯᠡᠭᠴᠢᠳ ᠤᠨ ᠠᠵᠢᠯ ᠢᠶᠠᠨ ᠴᠢᠩᠭᠠᠳᠬᠠᠨ ᠰᠠᠶᠢᠵᠢᠷᠠᠭᠤᠯᠵᠤ᠂ ᠠᠷᠠᠳ ᠤᠯᠠᠨ ᠲᠠᠢ ᠬᠠᠷᠢᠯᠴᠠᠬᠤ ᠠᠭᠤᠯᠭ᠎ᠠ ᠪᠠ ᠠᠷᠭ᠎ᠠ ᠵᠠᠮ ᠢ ᠪᠠᠶᠠᠯᠢᠭᠵᠢᠭᠤᠯᠤᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ  ᠪᠠᠨ ᠪᠦᠬᠦ ᠲᠠᠯ᠎ᠠ ᠪᠠᠷ ᠡᠭᠦᠷᠭᠡᠯᠡᠵᠦ᠂ ᠲᠦᠷᠢᠮ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ  ᠤᠨ ᠳᠦᠷᠢᠮ ᠢ ᠵᠢᠷᠤᠮᠵᠢᠭᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠦᠨᠡᠨ ᠬᠦ ᠨᠢᠭᠲᠠᠷᠠᠭᠤᠯᠬᠤ ᠬᠡᠷᠡᠭᠲᠡᠢ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠤᠯᠤᠰ ᠲᠥᠷᠥ ᠶᠢᠨ ᠪᠠᠶᠢᠭᠤᠯᠭ᠎ᠠ᠂ ᠡᠷᠬᠡᠲᠦ ᠪᠠᠶᠢᠭᠤᠯᠭ᠎ᠠ᠂ ᠲᠦᠯᠦᠭᠡᠯᠡᠭᠴᠢ ᠶᠢᠨ ᠪᠠᠶᠢᠭᠤᠯᠭ᠎ᠠ᠂ ᠠᠵᠢᠯᠯᠠᠬᠤ ᠪᠠᠶᠢᠭᠤᠯᠭ᠎ᠠ︾ ᠵᠡᠷᠭᠡ ︽ᠳᠥᠷᠪᠡᠨ ᠪᠠᠶᠢᠭᠤᠯᠭ᠎ᠠ︾ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ ᠠᠵᠢᠯ ᠤᠨ ᠰᠤᠷᠲᠠᠯ  ᠢᠶᠠᠨ ᠦᠨᠡᠨᠬᠦ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃      ᠬᠢᠩᠭᠠᠨ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠡᠭᠦᠷᠭᠡᠯᠡᠵᠦ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠱᠠᠭᠠᠷᠳᠠᠭᠳᠠᠨ᠎ᠠ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠨ᠎ᠡ ᠴᠠᠭ ᠦᠶ᠎ᠡ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠷᠡᠰ ᠪᠠᠲᠤ ᠡᠭᠦᠷᠭᠡᠯᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠲᠠᠢ ᠵᠡᠷᠭᠡ  ᠪᠠᠷ ᠤᠷᠤᠭᠰᠢᠯᠠᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠵᠡᠭᠦᠨ ᠦᠵᠦᠮᠦᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠠᠵᠢᠯ ᠠᠴᠠ ᠪᠠᠨ ᠠᠮᠠᠷᠠᠭᠰᠠᠨ ᠵᠠᠷᠢᠮ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ᠂ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ  ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠤ ᠤᠷᠤᠯᠴᠠᠵᠤ ᠪᠠᠶᠢᠭ᠎ᠠ ᠪᠦᠬᠦ ᠭᠡᠰᠢᠭᠦᠨ᠂ ᠠᠷᠠᠳ ᠤᠨ ᠲᠥᠯᠥᠭᠡᠯᠡᠭᠴᠢ ᠪᠤᠰᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠣᠯᠴᠠᠵᠠᠢ᠃      ᠶᠡᠭᠡ ᠬᠤᠷᠠᠯ ᠨᠢ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠠᠮᠵᠢᠯᠲᠠ ᠲᠠᠢ ᠥᠨᠳᠦᠷᠯᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号