ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠡᠭᠦᠰ ᠠᠮᠵᠢᠯᠲᠠᠲᠠᠢ ᠦᠨᠳᠦᠷᠯᠡᠪᠡ
ᠨᠡᠶᠢᠲᠡᠯᠡᠭᠰᠡᠨ ᠴᠠᠭ᠄
2024/1/30
      1ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠬᠤᠶᠠᠳᠤᠭᠠᠷ ᠤᠳᠠᠭᠠᠨ ᠤ ᠪᠥᠬᠦᠳᠡ ᠬᠤᠷᠠᠯ  ᠬᠤᠷᠠᠯᠳᠤᠭᠤᠯᠪᠠ᠃      ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 124 ᠬᠥᠮᠥᠨ᠂ ᠥᠨᠥᠳᠥᠷ ᠤᠨ ᠬᠤᠷᠠᠯ ᠳᠤ112 ᠬᠦᠮᠦᠨ ᠤᠷᠤᠯᠴᠠᠵᠤ᠂ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ︾ ᠤᠨ ᠲᠣᠭᠲᠠᠭᠠᠯ ᠳᠤ ᠨᠡᠶᠢᠴᠡᠪᠡ᠃      ᠤᠯᠤᠰ ᠲᠥᠷᠥ   ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠭᠦᠢᠴᠡᠳᠬᠡᠬᠦ ᠲᠡᠷᠢᠭᠦᠯᠡᠭᠴᠢ ᠪᠠᠳᠤᠮᠦ᠋ᠩᠬᠡ᠂ ᠳᠠᠪᠰᠢᠯᠲᠤ᠂ ᠰᠢᠶᠣᠣ ᠮᠢᠩ᠂ ᠶᠠᠨ ᠴᠢ ᠵᠢᠶᠦ᠋ᠨ᠂ ᠪᠦᠬᠡᠨ᠋ᠣᠳᠼᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠰᠢᠶᠣᠣ ᠮᠢᠩ ᠬᠤᠷᠠᠯ  ᠢ ᠡᠷᠭᠢᠯᠡᠪᠡ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠵᠡᠷᠭᠡ ᠬᠤᠰᠢᠭᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃      ᠬᠤᠷᠠᠯ ᠠᠴᠠ 2023 ᠣᠨ ᠤ ᠲᠡᠷᠢᠭᠦᠨ ᠤ ︽ᠭᠡᠰᠢᠭᠦᠳ ᠤᠨ ᠦᠷᠦᠭᠡ︾  ᠪᠠ ᠰᠢᠯᠢᠳᠡᠭ ᠰᠠᠨᠠᠯ ᠳᠤᠷᠠᠳᠤᠯᠭ᠎ᠠ ᠳᠤᠷᠠᠳᠤᠭᠰᠠᠨ ᠭᠡᠰᠢᠭᠦᠨ ᠢ ᠬᠥᠬᠢᠭᠦᠯᠦᠨ ᠰᠠᠶᠢᠰᠢᠶᠠᠪᠠ᠃      ᠶᠠᠨ ᠴᠢ ᠵᠢᠶᠦ᠋ᠨ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ ᠮᠡᠳᠡᠭᠦᠯᠦᠯᠲᠡ ᠳᠤ ᠵᠢᠭᠠᠬᠤ ᠳᠠᠭᠠᠨ᠂ 1 ᠰᠠᠷ᠎ᠠ ᠶᠢᠨ 17 ᠤ ᠡᠳᠦᠷ ᠤᠨ 12 ᠴᠠᠭ ᠪᠣᠯᠲᠠᠯ᠎ᠠ᠂ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠨᠢ ᠨᠡᠶᠢᠲᠡ 77 ᠬᠤᠪᠢ ᠰᠠᠨᠠᠯ ᠳᠤᠷᠠᠳᠤᠯᠭ᠎ᠠ ᠬᠤᠷᠢᠶᠠᠨ ᠠᠪᠴᠠᠢ᠃ ︽ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠳᠦᠷᠢᠮ︾ ᠤᠨ ᠲᠣᠭᠳᠠᠭᠠᠯ ᠢ ᠦᠨᠳᠦᠰᠦᠯᠡᠨ᠂ ᠬᠢᠨᠠᠨ ᠪᠠᠶᠢᠴᠠᠭᠠᠬᠤ ᠪᠠᠷ ᠳᠡᠮᠵᠢᠨ᠂ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠠᠴᠠ ᠬᠤᠷᠢᠶᠠᠨ ᠣᠯᠣᠭᠰᠠᠨ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ 62 ᠬᠤᠪᠢ ᠰᠠᠨᠠᠯ ᠳᠤᠷᠠᠳᠤᠯᠭ᠎ᠠ ᠳᠤ ᠠᠩᠬᠠᠨ ᠤ ᠬᠢᠨᠠᠯᠲᠠ ᠬᠢᠵᠦ ᠳᠡᠩᠰᠡᠯᠡᠪᠡ᠃ ᠳᠠᠩᠰᠠᠯᠠᠭᠰᠠᠨ ᠰᠠᠨᠠᠯ ᠳᠤᠷᠠᠳᠤᠯᠭ᠎ᠠ ᠶᠢᠨ ᠳᠣᠲᠣᠷ᠎ᠠ ᠠᠵᠤ ᠠᠬᠤᠢ ᠶᠢᠨ ᠪᠠᠶᠢᠭᠤᠯᠤᠯᠲᠠ ᠶᠢᠨ ᠲᠥᠷᠦᠯ ᠤᠨ19 ᠬᠤᠪᠢ᠂ ᠤᠯᠤᠰ ᠲᠥᠷᠦ ᠶᠢᠨ ᠪᠠᠶᠢᠭᠤᠯᠤᠯᠲᠠ ᠶᠢᠨ ᠲᠥᠷᠦᠯ ᠤᠨ 3 ᠬᠤᠪᠢ᠂ ᠰᠣᠶᠣᠯ ᠤᠨ ᠪᠠᠶᠢᠭᠤᠯᠤᠯᠲᠠ ᠶᠢᠨ ᠲᠥᠷᠦᠯ ᠤᠨ 9 ᠬᠤᠪᠢ᠂ ᠨᠡᠶᠢᠭᠡᠮ ᠤᠨ ᠪᠠᠶᠢᠭᠤᠯᠤᠯᠲᠠ ᠶᠢᠨ ᠲᠥᠷᠦᠯ ᠤᠨ 29 ᠬᠤᠪᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠥᠷᠦᠯ ᠤᠨ 2  ᠬᠤᠪᠢ ᠪᠠᠶᠢᠨ᠎ᠠ᠃      ᠪᠦᠬᠡᠨ᠋ᠣᠳᠼᠠᠷ ᠬᠤᠷᠠᠯ ᠲᠡᠭᠦᠰᠬᠦ ᠶᠠᠷᠢᠶ᠎ᠠ ᠲᠠᠯᠪᠢᠵᠠᠢ᠂ ᠲᠡᠷᠡ ᠵᠢᠭᠠᠬᠤ ᠳᠠᠭᠠᠨ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠬᠤᠭᠤᠴᠠᠭᠠᠨ ᠳᠤ᠂ ᠪᠦᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠬᠦ ᠶᠢᠨ ᠬᠠᠮᠲᠤ ᠬᠤᠯᠪᠣᠭᠳᠠᠯ ᠪᠦᠬᠦᠢ ᠰᠢᠢᠳᠪᠦᠷᠢ ᠶᠢ ᠪᠠᠲᠤᠯᠠᠵᠤ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠭᠤᠷᠪᠠᠳᠤᠭᠠᠷ ᠤᠳᠠᠭᠠᠨ ᠤ ᠬᠤᠷᠠᠯᠳᠤᠭᠠᠨ ᠳᠤ ᠰᠤᠯᠠ ᠤᠷᠤᠯᠴᠠᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ  ᠪᠤᠯᠤᠨ ᠪᠤᠰᠤᠳ ᠠᠵᠢᠯ ᠤᠨ ᠮᠡᠳᠡᠭᠦᠯᠦᠯᠲᠡ ᠶᠢ ᠭᠦᠨᠵᠡᠭᠡᠢ ᠶᠠᠷᠢᠯᠴᠠᠵᠤ᠂ ᠠᠷᠠᠳ ᠤᠨ ᠰᠠᠨᠠᠭ᠎ᠠ ᠶᠢ ᠢᠯᠡᠳᠬᠡᠨ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠬᠠᠮᠲᠤ ᠶᠢᠨ ᠲᠠᠨᠢᠯᠲᠠ ᠶᠢ ᠡᠷᠢᠯᠬᠢᠯᠡᠨ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠶᠤᠨ ᠤᠬᠠᠭᠠᠨ ᠪᠠ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ ᠬᠤᠷᠠᠯ ᠤᠨ ᠭᠤᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠡᠯᠡᠭᠰᠡᠨ ᠪᠠᠶᠢᠵᠦ᠂ ᠦᠷ᠎ᠡ ᠪᠦᠲᠦᠭᠡᠯ ᠢᠯᠡᠳᠳᠡ᠂ ᠠᠷᠠᠳᠴᠢᠯᠠᠯ ᠢ ᠪᠠᠳᠠᠷᠠᠭᠤᠯᠤᠨ᠂ ᠤᠯᠠᠨ ᠤ ᠤᠶᠤᠨ ᠤᠬᠠᠭᠠᠨ ᠢ ᠲᠦᠪᠯᠡᠷᠡᠬᠦᠯᠵᠦ᠂ ᠰᠡᠳᠬᠢᠯ ᠢ ᠨᠢᠭᠲᠠᠷᠠᠭᠤᠯᠤᠨ ᠬᠦᠴᠦᠨ ᠢ ᠬᠠᠮᠳᠣᠳᠬᠠᠵᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠭᠰᠡᠨ ᠶᠡᠭᠡ ᠬᠤᠷᠠᠯ ᠪᠤᠯᠵᠦ᠂ ᠵᠢᠱᠢᠭᠰᠡᠨ ᠬᠠᠷᠠᠯᠲᠠ ᠳᠠᠭᠠᠨ ᠬᠦᠷᠴᠦ᠂ ᠲᠡᠭᠦᠰ ᠠᠮᠵᠢᠯᠲᠠ ᠣᠯᠵᠠᠢ ᠭᠡᠪᠡ᠃      ᠲᠡᠷᠡ ᠴᠢᠬᠤᠯᠠᠴᠢᠯᠠᠬᠤ ᠳᠠᠭᠠᠨ᠂ 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠪᠥᠬᠦ ᠬᠤᠰᠢᠭᠤᠨ ᠤ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠲᠥᠷᠥᠯ ᠤᠨ ᠠᠵᠢᠯ ᠤᠨ ᠭᠤᠤᠯ ᠱᠤᠭᠤᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠡᠶᠡᠯᠡᠬᠦᠯᠬᠦ ᠪᠠ ᠬᠤᠰᠢᠭᠤ ᠨᠠᠮ ᠤᠨ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠤᠯ ᠰᠡᠳᠦᠪ ᠢ ᠪᠠᠷᠢᠮᠳᠠᠯᠠᠨ᠂ ᠤᠯᠤᠰ ᠲᠦᠷᠦ ᠪᠠᠷ ᠵᠦᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ  ᠪᠠᠨ ᠢᠳᠡᠪᠬᠢᠲᠡᠢ ᠭᠦᠢᠴᠡᠳᠬᠡᠵᠦ᠂ ᠪᠦᠬᠦ ᠶᠠᠪᠤᠴᠠ ᠳᠤ ᠠᠷᠠᠳ ᠤᠨ ᠠᠷᠠᠳᠴᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠡᠭᠦᠷᠭᠡᠯᠡᠯ ᠢᠶᠠᠷ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠴᠢᠷᠮᠠᠶᠢᠨ ᠪᠢᠴᠢᠭᠯᠡᠬᠦ ᠳᠤ ᠤᠯᠤᠰ ᠲᠦᠷᠦ  ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ  ᠡᠷᠭᠦᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ︾ ︵ᠲᠥᠰᠥᠯ︶ ᠂ ︽ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ  ᠤᠨ ᠲᠤᠬᠠᠢ ᠰᠢᠢᠳᠪᠦᠷᠢ︾ ︵ᠲᠥᠰᠥᠯ︶ ᠶᠢ ᠬᠢᠨᠠᠨ ᠵᠥᠪᠯᠡᠵᠦ ᠪᠠᠲᠤᠯᠠᠪᠠ᠃      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠡᠯ᠎ᠡ ᠰᠤᠮᠤ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠬᠠᠷᠢᠯᠴᠠᠬᠤ ᠠᠯᠪᠠᠨ ᠭᠡᠷ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃      ᠦᠳᠡ ᠶᠢᠨ 12 ᠴᠠᠭ ᠲᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠨᠢ ᠪᠦᠬᠦ ᠵᠥᠪᠯᠡᠬᠦ ᠵᠦᠢᠯ ᠢᠶᠠᠨ ᠳᠠᠭᠤᠰᠬᠠᠵᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠠᠮᠵᠢᠯᠲᠠ ᠲᠠᠢ ᠥᠨᠳᠦᠷᠯᠡᠪᠡ᠃ ᠬᠤᠩᠭᠤᠷᠵᠤᠯᠠ   ᠲᠦᠮᠡᠨᠪᠠᠶᠠᠷ  ᠭᠠᠩᠪᠠᠭᠠᠲᠤᠷ  ᠲᠠᠯ᠎ᠠ  ᠳᠡᠯᠡᠬᠡᠶᠢᠬᠤᠩᠭᠤᠷ  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号