2023 ᠣᠨ ᠤ ᠬᠠᠳᠠᠪᠴᠢ ᠪᠠᠯᠭᠠᠰᠤᠨ ᠤ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠤᠨ ᠬᠢᠯᠠᠰ ᠴᠡᠭ ᠤᠨ ᠡᠷᠭᠢᠴᠡᠭᠦᠯᠦᠯ
ᠨᠡᠶᠢᠲᠡᠯᠡᠭᠰᠡᠨ ᠴᠠᠭ᠄
2024/1/30
     2023 ᠣᠨ ᠳᠤ᠂ ᠬᠠᠲᠠᠪᠴᠢ ᠪᠠᠯᠭᠠᠰᠤ ᠨᠢ ᠠᠷᠠᠳ ᠤᠨ ᠠᠮᠢᠳᠤᠷᠠᠯ ᠢ ᠪᠠᠲᠤᠯᠠᠵᠤ᠂ ᠬᠥᠭᠵᠢᠯᠲᠡ ᠶᠢ ᠠᠬᠢᠭᠤᠯᠬᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠵᠦ ᠠᠮᠢᠳᠤᠷᠠᠯ᠂ ᠨᠠᠰᠤᠵᠢᠯ᠂ ᠡᠮ ᠡᠮᠨᠡᠯᠭᠡ ᠂ ᠣᠷᠣᠨ ᠰᠠᠭᠤᠴᠠ ᠵᠡᠷᠭᠡ ᠠᠷᠠᠳ  ᠤᠨ ᠬᠠᠯᠠᠮᠰᠢᠯ ᠠᠰᠠᠭᠤᠳᠠᠯ  ᠳᠤ ᠠᠩᠬᠠᠷᠤᠯ ᠢᠶᠠᠨ ᠬᠠᠨᠳᠤᠭᠤᠯᠵᠤ᠂ ᠦᠷᠭᠡᠨ‌ᠤᠯᠠᠨ ᠠᠷᠠᠳ ᠲᠦᠮᠡᠨ ᠤ ᠬᠦᠴᠢᠷ ᠲᠦᠪᠡᠭᠳᠡᠯ ᠶᠢ ᠰᠢᠢᠳᠪᠦᠷᠢᠯᠡᠵᠦ᠂ ᠥᠷᠭᠡᠨ ᠤᠯᠠᠨ ᠲᠦᠮᠡᠨ ᠤ ᠠᠮᠢᠳᠤᠷᠠᠯ ᠨᠡᠩ ᠵᠣᠯ ᠵᠢᠷᠭᠠᠯ ᠲᠠᠢ᠂ ᠢᠷᠡᠭᠡᠳᠦᠢ ᠨᠡᠩ  ᠰᠠᠷᠠᠭᠤᠯ ᠰᠠᠶᠢᠬᠠᠨ  ᠪᠤᠯᠤᠭᠰᠠᠨ ᠪᠠᠶᠢᠨ᠎ᠠ᠃      ᠨᠢᠭᠡ᠂ ᠮᠠᠯᠵᠢᠬᠤ ᠣᠷᠣᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠣᠷᠣᠰᠢᠨ ᠰᠠᠭᠤᠬᠤ ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃      ︵ᠨᠢᠭᠡ ︶ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ 19 ᠲᠥᠷᠥᠯ ᠵᠦᠢᠯ ᠤᠨ ᠬᠤᠳᠳᠤᠭ᠂ 101 ᠰᠠᠭᠤᠷᠢ ᠤᠰᠤ ᠬᠠᠳᠠᠭᠠᠯᠠᠬᠤ ᠵᠣᠭᠤᠷᠢ ᠶᠢ ᠨᠠᠶᠢᠳᠠᠪᠦᠷᠢᠵᠢᠭᠤᠯᠵᠤ᠂ ᠮᠠᠯᠵᠢᠬᠤ ᠣᠷᠣᠨ ᠤ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠪᠦᠬᠦᠨ ᠢ ᠪᠦᠷᠬᠦᠭᠦᠯᠬᠦ ᠶᠢ ᠵᠡᠷᠭᠡᠪᠡᠷ ᠪᠠᠶᠠᠯᠡᠭᠦᠯᠪᠡ᠃  11 ᠡᠷᠦᠬᠡ ᠳᠤ ᠪᠠᠶᠢᠩᠭᠤ ᠶᠢᠨ ᠴᠠᠬᠢᠯᠭᠠᠨ ᠵᠠᠯᠭᠠᠨ᠂ 22 ᠡᠷᠦᠬᠡ ᠳᠤ ᠰᠢᠨ᠎ᠡ ᠡᠨᠧᠷᠭᠢ ᠠᠴᠠ ᠴᠠᠬᠢᠯᠭᠠᠨ ᠲᠤᠤᠷᠵᠢᠯ ᠳᠤ ᠰᠢᠯᠵᠢᠬᠦ ᠶᠢ ᠪᠡᠶᠡᠯᠡᠭᠦᠯᠵᠦ᠂ ᠮᠠᠯᠵᠢᠬᠤ ᠡᠷᠦᠬᠡ ᠶᠢᠨ ᠴᠠᠬᠢᠯᠭᠠᠨ ᠬᠡᠷᠡᠭᠯᠡᠬᠦ  ᠱᠠᠭᠠᠷᠳᠠᠯᠭ᠎ᠠ ᠶᠢ ᠬᠠᠩᠭᠠᠪᠠ᠃      ︵ᠬᠤᠶᠠᠷ ︶ ᠣᠷᠣᠰᠢᠨ ᠰᠠᠭᠤᠬᠤ ᠣᠷᠴᠢᠨ ᠲᠤᠭᠤᠷᠢᠨ ᠢ ᠴᠡᠭᠴᠡᠯᠡᠨ ᠵᠡᠰᠠᠬᠤ  ᠶᠢ ᠦᠷᠭᠦᠯᠵᠢᠯᠡᠨ ᠲᠦᠯᠬᠢᠨ ᠠᠬᠢᠭᠤᠯᠪᠠ᠃ ᠮᠠᠯᠵᠢᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠤᠯᠤᠰ  ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠬᠦ  ᠳᠤ ᠲᠤᠬᠢᠶᠠᠯᠳᠤᠭᠤᠯᠤᠨ ᠡᠯ᠎ᠡ ᠭᠠᠴᠠᠭ᠎ᠠ ︵ᠨᠡᠶᠢᠭᠡᠮ ᠲᠣᠭᠤᠷᠢᠭ︶  ᠢ ᠲᠠᠶᠢᠴᠢᠯᠠᠨ ᠪᠦᠬᠦ ᠵᠢᠯ   ᠳᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ  ᠢ 50 ᠭᠠᠷᠤᠢ ᠤᠳᠠᠭ᠎ᠠ ᠥᠷᠨᠢᠭᠦᠯᠵᠦ᠂ ᠪᠠᠯᠭᠠᠰᠤ ᠲᠣᠭᠤᠷᠢᠭ  ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠳᠡᠭᠡᠭᠰᠢᠯᠡᠭᠦᠯᠦᠨ᠂ ᠪᠦᠬᠦ ᠪᠠᠯᠭᠠᠰᠤᠨ ᠤᠨ ᠤᠷᠴᠢᠨ ᠠᠬᠤᠢ ᠶᠢᠨ ᠳᠦᠷᠰᠦ ᠪᠠᠶᠢᠳᠠᠯ ᠢᠯᠡᠳᠳᠡ ᠰᠠᠶᠢᠵᠢᠷᠠᠪᠠ᠃ ᠵᠣᠷᠯᠣᠩ ᠤᠨ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ 2019 ᠣᠨ ᠠᠴᠠ 2022 ᠣᠨ ᠪᠤᠯᠲᠠᠯᠠᠬᠢ ᠤᠯᠤᠰ ᠤᠨ ᠲᠦᠷᠦᠯ ᠵᠦᠢᠯ ᠤᠨ 208 ᠠᠷᠢᠭᠤᠨ ᠴᠡᠪᠡᠷ  ᠤᠨ ᠵᠣᠷᠯᠣᠩ ᠢ ᠭᠤᠣᠯᠳᠠᠯᠭ᠎ᠠ ᠲᠠᠢ ᠪᠠᠶᠢᠴᠠᠭᠠᠵᠤ᠂ 15 ᠠᠰᠠᠭᠤᠳᠠᠯ ᠲᠠᠢ ᠵᠣᠷᠯᠣᠩ ᠢ ᠪᠠᠶᠢᠴᠠᠭᠠᠨ ᠰᠢᠢᠳᠪᠦᠷᠢᠯᠡᠵᠦ᠂ 15 ᠵᠣᠷᠯᠣᠩ ᠢ ᠰᠡᠯᠪᠢᠨ ᠵᠠᠰᠠᠵᠤ  2023 ᠣᠨ ᠳᠤ 22 ᠡᠷᠦᠬᠡ ᠶᠢᠨ ᠵᠣᠷᠯᠣᠩ ︵12 ᠬᠠᠭᠤᠷᠠᠢ ᠵᠣᠷᠯᠣᠩ᠂ 10 ᠤᠰᠤᠨ ᠵᠣᠷᠯᠣᠩ︶ ᠢ ᠰᠢᠨ᠎ᠡ ᠪᠠᠷ ᠪᠠᠷᠢᠪᠠ᠃      ᠬᠤᠶᠠᠷ᠂ ᠨᠡᠶᠢᠭᠡᠮ  ᠤᠨ ᠠᠪᠤᠷᠠᠨ ᠲᠤᠰᠠᠯᠠᠬᠤ ᠬᠢᠷᠢ ᠬᠡᠮᠵᠢᠶ᠎ᠡ  ᠪᠠᠨ ᠳᠡᠭᠡᠭᠰᠢᠯᠡᠭᠦᠯᠵᠦ᠂  ᠨᠠᠰᠤᠲᠠᠶᠢᠴᠤᠳ  ᠲᠤ ᠦᠢᠯᠡᠴᠢᠯᠡᠬᠦ  ᠲᠤᠭᠲᠠᠴᠨ ᠪᠠᠨ  ᠪᠦᠷᠢᠨᠰᠢᠭᠦᠯᠪᠡ᠃      ︵ᠨᠢᠭᠡ︶ ᠬᠦᠴᠢᠷᠳᠡᠯ ᠢ ᠠᠪᠤᠷᠠᠨ ᠲᠤᠰᠠᠯᠠᠬᠤ ᠶᠢ ᠨᠠᠶᠢᠳᠠᠪᠤᠷᠢᠵᠢᠭᠤᠯᠵᠤ᠂ ᠠᠷᠠᠳ‌ᠤᠯᠠᠨ ᠤ ᠵᠤᠯ ᠵᠢᠷᠭᠠᠯᠲᠦ ᠲᠦᠷᠦᠭᠳᠡᠯ ᠢ ᠨᠡᠮᠡᠭᠳᠡᠭᠦᠯᠪᠡ᠃ ︽ᠠᠷᠠᠳ ᠤᠨ ᠶᠠᠪᠤᠳᠠᠯ  ᠨᠢ ᠠᠷᠠᠳ ᠤᠨ ᠲᠥᠯᠥᠭᠡ᠂ ᠠᠷᠠᠳ ᠤᠨ ᠶᠠᠪᠤᠳᠠᠯ ᠨᠢ ᠠᠷᠠᠳ ᠢᠶᠠᠨ ᠬᠠᠶᠢᠷᠠᠯᠠᠬᠤ︾  ᠤᠶᠢᠯᠭᠠᠭᠳᠠᠭᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠬᠦᠴᠢᠷᠳᠡᠯ  ᠢ ᠤᠨᠤᠪᠴᠢᠲᠠᠢ ᠤᠨᠤᠰᠢᠯᠡᠵᠤ᠂ ᠨᠡᠶᠢᠭᠡᠮ ᠤᠨ ᠠᠪᠤᠷᠠᠨ ᠲᠤᠰᠠᠯᠠᠬᠤ ᠬᠢᠷᠢ ᠬᠡᠮᠵᠢᠶ᠎ᠡ ᠪᠠ ᠤᠨᠤᠪᠴᠢ ᠶᠢ ᠦᠷᠭᠦᠯᠵᠢᠯᠡᠨ ᠳᠡᠭᠡᠭᠰᠢᠯᠡᠭᠦᠯᠪᠡ᠃ ᠵᠢᠯ ᠳᠤ ᠬᠤᠲᠠ ᠬᠥᠳᠡᠭᠡ ᠶᠢᠨ 23 ᠲᠤᠤᠷ᠎ᠠ ᠪᠠᠲᠤᠯᠠᠭᠠᠲᠤ ᠡᠷᠦᠬᠡ ᠳᠤ ᠨᠡᠶᠢᠲᠡ 28.936 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠵᠤ᠂ 3 ᠡᠷᠦᠬᠡ ᠣᠨᠴᠠ ᠬᠦᠴᠢᠷᠳᠡᠯᠲᠡᠢ ᠬᠥᠮᠥᠰ ᠲᠤ ᠨᠡᠶᠢᠲᠡ 4.76 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ  ᠲᠠᠷᠬᠠᠭᠠᠵᠤ᠂ 4 ᠡᠷᠦᠬᠡ 7 ᠬᠥᠮᠥᠨ ᠳᠤ 1.704 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠵᠤ᠂ ᠬᠦᠴᠢᠷᠳᠡᠯ ᠳᠤ ᠲᠤᠯᠭᠠᠷᠠᠭᠰᠠᠨ 1 ᠬᠡᠦᠬᠡᠳ ᠲᠤ 0.78 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ  ᠲᠠᠷᠬᠠᠭᠠᠵᠤ᠂ ᠵᠡᠮᠳᠡᠭᠴᠦᠳ ᠲᠤ 5.89 ᠲᠦᠮᠡᠨ ᠲᠥᠭᠦᠷᠢᠭ ᠤᠨ ︽ᠬᠤᠶᠠᠷ ᠵᠦᠢᠯ ᠤᠨ ᠨᠥᠬᠦᠪᠦᠷᠢ︾   ᠲᠡᠷᠬᠠᠭᠠᠪᠠ᠃      ︵ᠬᠤᠶᠠᠷ︶  ᠨᠠᠰᠤᠲᠠᠶᠢᠴᠤᠳ‌ᠥᠲᠡᠯᠪᠡᠯ ᠠᠰᠠᠷᠠᠮᠵᠢ ᠲᠠᠢ ᠪᠠᠶᠢᠬᠤ ᠶᠢ ᠪᠠᠲᠤᠯᠠᠵᠤ᠂ ᠨᠠᠰᠤᠲᠠᠶᠢᠴᠤᠳ ᠲᠤ ᠦᠢᠯᠡᠴᠢᠯᠡᠬᠦ ᠲᠤᠭᠲᠠᠴᠨ ᠪᠠᠨ ᠪᠦᠷᠢᠨᠰᠢᠭᠦᠯᠪᠡ᠃ 48  ᠨᠡᠷ᠎ᠡ ᠥᠨᠳᠥᠷ ᠨᠠᠰᠤᠲᠠᠳ ᠲᠤ 6.06 ᠲᠦᠮᠡᠨ ᠲᠥᠭᠦᠷᠢᠭ ᠤᠨ ᠥᠨᠳᠥᠷ ᠨᠠᠰᠤᠨ ᠤ ᠨᠦᠬᠦᠪᠦᠷᠢ ᠲᠠᠷᠬᠠᠭᠠᠵᠤ᠂ 4 ᠨᠠᠷ᠎ᠡ ᠬᠦᠴᠢᠷᠳᠡᠯ ᠲᠠᠢ ᠨᠠᠰᠤᠲᠠᠨ ᠳᠤ 0.24 ᠲᠦᠮᠡᠨ ᠲᠥᠭᠦᠷᠢᠭ ᠤᠨ ᠨᠥᠬᠦᠪᠦᠷᠢ ᠲᠠᠷᠬᠠᠭᠠᠵᠤ᠂ 2 ᠨᠡᠷ᠎ᠡ ᠬᠦᠳᠡᠯᠮᠦᠷᠢ ᠪᠠᠨ ᠠᠯᠳᠠᠭᠰᠠᠨ ᠬᠦᠴᠢᠷᠳᠡᠯ ᠲᠠᠢ ᠨᠠᠰᠤᠲᠠᠨ ᠳᠤ 0.12 ᠲᠦᠮᠡᠨ ᠲᠥᠭᠦᠷᠢᠭ ᠤᠨ ᠰᠤᠪᠢᠯᠠᠯᠲᠠ ᠶᠢᠨ ᠨᠥᠬᠦᠪᠦᠷᠢ ᠣᠯᠭᠤᠪᠠ᠃ 46 ᠨᠠᠰᠤᠲᠠᠶᠢᠴᠤᠳ ᠤᠨ ᠭᠡᠷ ᠪᠦᠯᠢ ᠶᠢ ᠵᠣᠬᠢᠶᠠᠨ ᠪᠠᠶᠢᠭᠤᠯᠤᠨ ᠠᠶᠠᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠤ ᠨᠡᠭᠦᠯᠭᠡᠨ ᠤᠷᠤᠭᠤᠯᠵᠤ᠂ 2  ᠭᠡᠷ ᠪᠦᠯᠢ ᠳᠤ ᠬᠡᠷ ᠪᠦᠯᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠬᠢᠪᠡ᠃ ᠲᠣᠰ ᠵᠢᠯ ᠳᠤ 57 ᠬᠥᠮᠥᠨ ᠰᠢᠨ᠎ᠡ ᠪᠠᠷ ᠨᠠᠰᠤᠵᠢᠯ ᠤᠨ ᠳᠠᠭᠠᠳᠬᠠᠯ ᠤᠨ  ᠮᠦᠩᠭᠦ  ᠤᠯᠵᠤ ᠬᠦᠷᠲᠡᠪᠡ᠃      ᠭᠤᠷᠪᠠ᠂ ᠨᠡᠶᠢᠭᠡᠮ ᠤᠨ ᠠᠵᠢᠯ ᠦᠢᠯᠡᠰ ᠲᠡᠩᠴᠡᠭᠦᠷᠢᠲᠡᠢ ᠬᠥᠭᠵᠢᠵᠦ᠂ ᠠᠷᠠᠳ ᠤᠨ ᠠᠰᠢᠭ ᠬᠦᠷᠲᠡᠮᠵᠢ ᠶᠡᠭᠡ ᠪᠠᠷ ᠨᠡᠮᠡᠭᠳᠡᠪᠡ      ︵ᠨᠢᠭᠡ︶ ᠲᠠᠬᠢᠨ‌‍ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ ᠶᠢᠨ ᠠᠵᠢᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠦᠷᠭᠡᠳᠬᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠬᠦ ᠶᠢᠨ ᠲᠥᠯᠥᠭᠡ᠂ ᠵᠢᠯ ᠤᠨ ᠳᠣᠲᠣᠷ᠎ᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠲᠥᠪᠯᠡᠷᠡᠭᠦᠯᠦᠨ ᠪᠠᠶᠢᠴᠠᠭᠠᠬᠤ ᠠᠵᠢᠯ ᠢ 4 ᠤᠳᠠᠭ᠎ᠠ ᠥᠷᠨᠢᠭᠦᠯᠵᠦ᠂ 2 ᠡᠷᠦᠭᠡ ︽ᠠᠷᠪᠠᠨ ᠲᠦᠷᠦᠯ︾ ᠤᠨ ᠭᠤᠣᠯᠳᠠᠯᠭ᠎ᠠ ᠲᠠᠢ ᠬᠥᠮᠥᠰ ᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠡᠷᠦᠭᠡ ᠳᠤ ᠣᠷᠣᠭᠤᠯᠤᠨ ᠬᠠᠪᠰᠤᠷᠤᠨ ᠲᠡᠳᠬᠦᠪᠡ᠃      ︵ᠬᠤᠶᠠᠷ ︶ ᠨᠡᠶᠢᠭᠡᠮ ᠤᠨ ᠬᠡᠷᠡᠭ ᠶᠠᠪᠤᠳᠠᠯ ᠳᠤ ᠦᠷᠭᠦᠯᠵᠢᠯᠡᠨ ᠬᠦᠴᠦᠯᠡᠵᠦ᠂ ᠠᠷᠠᠳ ᠲᠦᠮᠡᠨ ᠤ ᠠᠰᠢᠭ ᠬᠦᠷᠲᠡᠮᠵᠢ ᠢ ᠨᠡᠮᠡᠭᠳᠡᠭᠦᠯᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠬᠤᠷᠢᠶᠠᠨ ᠲᠤᠰᠢᠶᠠᠯᠭᠠᠬᠤ ᠠᠵᠢᠯ ᠢ ᠰᠠᠶᠢᠲᠤᠷ ᠠᠳᠬᠤᠵᠤ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠨ᠂ ᠥᠷᠭᠡᠨ ᠤᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠺᠠᠲᠠᠷᠴᠤᠳ ᠰᠦᠯᠵᠢᠶ᠎ᠡ ᠪᠠ ᠸᠢᠴᠠᠲ ᠴᠤᠭᠯᠠᠷᠠᠯ ᠢ ᠠᠰᠢᠭᠯᠠᠵᠤ ᠬᠤᠷᠰᠢᠭᠰᠠᠨ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠡᠯᠧᠺᠲᠷᠣᠨ ᠪᠠᠷᠢᠮᠲᠠ ᠪᠠᠭᠤᠯᠭᠠᠬᠤ ᠪᠠ ᠬᠡᠷᠡᠭᠯᠠᠬᠦ ᠠᠷᠭ᠎ᠠ ᠶᠢ ᠳᠠᠮᠵᠢᠭᠤᠯᠤᠨ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ  ᠲᠠᠢ ᠬᠠᠪᠰᠤᠷᠭᠠᠨ᠂ ᠮᠠᠯᠴᠢᠨ ᠲᠦᠮᠡᠨ ᠤ ᠡᠮᠴᠢᠯᠡᠭᠡᠨ ᠤ ᠲᠠᠩᠰᠠ ᠪᠠᠨ ᠴᠠᠶᠢᠷᠠᠭᠤᠯᠬᠤ ᠳᠤ ᠲᠥᠬᠦᠮ ᠦᠵᠡᠭᠦᠯᠪᠡ᠃ ᠮᠠᠯᠵᠢᠬᠤ ᠡᠷᠦᠬᠡ ᠶᠢᠨ ᠡᠪᠦᠯ ᠤᠨ ᠲᠤᠯᠠᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ 138 ᠲᠣᠨ ︽ᠬᠢᠮᠲᠠ ᠦᠨ᠎ᠡ ᠶᠢᠨ ᠨᠡᠭᠦᠷᠡᠰᠦ︾ ᠲᠠᠷᠬᠠᠭᠠᠵᠤ᠂ 60 ᠭᠠᠷᠤᠢ ᠮᠠᠯᠵᠢᠬᠤ ᠡᠷᠦᠬᠡ ᠳᠤ ᠠᠰᠢᠭ ᠬᠦᠷᠲᠡᠭᠡᠪᠡ᠃ ᠮᠠᠯᠴᠢᠳ ᠤᠨ ᠭᠡᠷ ᠪᠠᠶᠢᠰᠢᠩ  ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠵᠢᠯ ᠤᠨ ᠳᠣᠲᠣᠷ᠎ᠠ 4 ᠤᠳᠠᠭ᠎ᠠ ᠦᠷᠨᠢᠭᠦᠯᠵᠤ᠂ 2 ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠨᠤᠷᠠᠭᠠᠪᠠ᠃ 22 ᠡᠷᠦᠬᠡ ᠶᠢᠨ ᠣᠷᠣᠨ ᠰᠠᠭᠤᠴᠠ ᠶᠢᠨ ᠭᠠᠵᠠᠷ ᠢ ᠳᠠᠩᠰᠠᠯᠠᠨ ᠮᠡᠳᠡᠭᠦᠯᠵᠦ᠂ 43 ᠰᠠᠭᠤᠷᠢ  ᠦᠢᠯᠡᠳᠪᠦᠷᠢᠯᠡᠯ ᠳᠤ ᠭᠠᠵᠠᠷ ᠢ ᠳᠠᠩᠰᠠᠯᠠᠭᠤᠯᠪᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号