ᠰᠠᠮᠠᠢ ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ  ᠨᠢ 2024 ᠣᠨ ᠤ ᠨᠢᠭᠡᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ 2023 ᠣᠨ ᠤ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠰᠣᠷᠣᠯᠴᠠᠯᠭ᠎ᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/1/30
      1 ᠰᠠᠷ᠎ᠠ ᠶᠢᠨ 11 ᠤ ᠡᠳᠦᠷ᠂ ᠰᠠᠮᠠᠢ ᠰᠣᠮᠣᠨ ᠤ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ  ᠶᠢᠨ ᠭᠤᠣᠯ ᠳᠤᠭᠤᠶᠢᠯᠠᠩ ᠨᠢ 2024 ᠣᠨ ᠤ ᠨᠢᠭᠡᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ 2023 ᠣᠨ ᠤ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠰᠣᠷᠣᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠰᠣᠮᠣᠨ ᠤ ᠨᠠᠮ ᠤᠨ ᠬᠤᠷᠢᠶᠠᠨ ᠤ ᠱᠦᠵᠢ ᠰᠢᠷᠡᠶᠢᠪᠠᠨᠽᠠᠷ ᠨᠥᠬᠦᠷ ᠡᠷᠬᠢᠯᠡᠵᠥ᠂  ᠰᠣᠮᠣᠨ ᠤ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠨ᠂ ᠨᠠᠮ ᠤᠨ ᠭᠡᠰᠢᠭᠦᠨ ᠤᠳᠤᠷᠢᠳᠬᠤ ᠺᠠᠳ᠋ᠷ ᠣᠷᠣᠯᠴᠠᠪᠠ  ᠃      ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ  ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ ᠲᠤᠬᠠᠶ᠂ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ ᠦᠢᠯᠡᠳᠦᠯᠭᠡᠵᠢᠭᠦᠯᠬᠦ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠲᠤᠬᠠᠢ᠂ ᠰᠤᠷᠬᠤ ᠪᠠᠷ ᠤᠶᠤᠨ ᠢᠶᠠᠨ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠵᠡᠷᠭᠡ ᠴᠢᠬᠤᠯᠠ ᠥᠭᠦᠯᠡᠯᠲᠡ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ 》᠂ ᠰᠢᠨ᠎ᠡ ᠪᠠᠶᠳᠠᠯ ᠳᠣᠤᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ  ᠰᠢᠢᠳᠬᠡᠯ ᠥᠭᠬᠦ ᠲᠦᠷᠢᠮ 》ᠪᠠ        《 ᠰᠢᠶᠠᠨ ᠠᠴᠠ ᠳᠡᠭᠡᠭᠰᠢᠬᠢ ᠨᠠᠮ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ  ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠲᠠᠭᠠᠯ ᠤᠳ 》ᠵᠡᠷᠭᠡ ᠰᠤᠷᠤᠯᠴᠠᠬᠤ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠭᠠᠵᠤ᠂ ᠲᠡᠷᠡᠴᠢᠯᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ       ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ‌‍ᠶᠢ  ᠰᠣᠷᠣᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ  ᠭᠦᠨᠵᠡᠭᠡᠶᠢᠷᠡᠭᠦᠯᠵᠦ᠂ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠢ ᠲᠥᠪ ᠴᠢᠩᠭ᠎ᠠ ᠨᠠᠷᠢᠨ ᠬᠢᠨᠠᠮᠠᠭᠠᠶ ᠰᠠᠶᠢᠲᠤᠷ ᠬᠢᠬᠦ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠪᠠ᠃      ᠬᠤᠷᠠᠯ ᠠᠴᠠ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂《 ᠬᠤᠶᠠᠷ ᠢ  ᠲᠣᠭᠲᠠᠭᠠᠬᠤ 》 ᠶᠢ ᠨᠡᠩ ᠡᠷᠡᠰ ᠪᠠᠲᠤ ᠤᠬᠠᠮᠰᠠᠷ ᠠᠴᠠ ᠪᠠᠨ ᠪᠠᠷᠢᠮᠲᠠᠯᠠᠵᠤ᠂    《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ  ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠶᠡᠭᠡ ᠵᠠᠰᠠᠭ ᠤᠨ ᠠᠵᠢᠯ ᠤᠨ ᠠᠮᠵᠢᠯᠲᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂《ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ 》ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ ᠪᠦᠬᠦ ᠬᠦᠴᠦ ᠪᠠᠷ ᠢᠶᠠᠨ ᠰᠢᠢᠳᠪᠦᠷᠢᠯᠡᠬᠦ ᠬᠡᠷᠡᠭᠲᠡᠢ᠃ ᠪᠦᠬᠦ ᠲᠠᠯ᠎ᠠ ᠪᠠᠷ ᠨᠠᠮ  ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠱᠠᠭᠠᠷᠳᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠢᠵᠦ᠂ ᠠᠰᠠᠭᠤᠳᠠᠯ ᠢ ᠭᠦᠨᠵᠡᠭᠡᠢ ᠪᠠᠶᠢᠴᠠᠭᠠᠨ ᠡᠮᠬᠢᠯᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ  ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号