ᠠᠯᠲᠠᠨᠬᠢᠯᠢ ᠰᠣᠮᠣᠨ ᠤ 2023 ᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠡᠷᠭᠢᠴᠡᠭᠦᠯᠦᠯ
ᠨᠡᠶᠢᠲᠡᠯᠡᠭᠰᠡᠨ ᠴᠠᠭ᠄
2024/1/30
      2023 ᠣᠨ ᠳᠤ᠂ ᠠᠯᠲᠠᠨᠬᠢᠯᠢ ᠰᠣᠮᠣᠨ ᠤ ᠡᠪᠯᠡᠯ ᠤᠨ ᠬᠤᠷᠢᠶ᠎ᠠ ᠨᠢ ᠰᠣᠮᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤ ᠡᠪᠯᠡᠯ ᠤᠨ ᠬᠤᠷᠢᠶᠠᠨ ᠤ ᠵᠥᠪ ᠣᠨᠣᠪᠴᠢᠲᠠᠶ ᠵᠢᠯᠣᠭᠤᠳᠤᠯᠭ᠎ᠠ ᠳᠣᠣᠷ᠎ᠠ᠂ ︽ᠨᠠᠮ ᠤᠨ ᠲᠤᠬ ᠤᠨ ᠴᠢᠭᠯᠡᠯ ᠡᠪᠯᠡᠯ ᠤᠨ ᠲᠤᠬ ᠤᠨ ᠵᠦᠭ︾ ᠢ ᠪᠠᠳᠦ ᠪᠠᠷᠢᠮᠲᠠᠯᠠᠵᠤ᠂ ᠡᠪᠯᠡᠯ ᠤᠨ ᠬᠤᠷᠢᠶᠠᠨ ᠤ ᠠᠵᠢᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠪᠦᠬᠦ ᠰᠤᠮᠤᠨ ᠤ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠡᠷᠡᠰ ᠭᠤᠶᠢᠪᠢᠰᠢ ᠦᠭᠡᠢ ᠨᠠᠮ ᠪᠠᠨ ᠳᠠᠭᠠᠵᠤ᠂ ᠰᠢᠨ᠎ᠡ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠪᠠ᠃      ᠢᠲᠡᠭᠡᠯ ᠪᠢᠰᠢᠷᠡᠯ ᠢᠶᠠᠷ ᠬᠥᠲᠥᠯᠥᠨ ᠳᠠᠭᠠᠭᠤᠯᠵᠤ᠂ ᠵᠠᠯᠠᠭᠤ ᠨᠠᠰᠤᠨ ᠤ ᠠᠶᠠᠯᠠᠯ ᠤᠨ ᠴᠢᠭᠯᠡᠯ ᠢ ᠪᠠᠲᠤ ᠡᠵᠠᠮᠲᠠᠪᠠ︔ ᠰᠣᠮᠣᠨ ᠤ ᠡᠪᠯᠡᠯ ᠤᠨ ᠬᠤᠷᠢᠶ᠎ᠠ ᠨᠢ ᠢᠮᠠᠭᠲᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠣᠶᠢᠯᠠᠭᠠᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠬᠤᠷᠠᠯ ᠬᠤᠶᠠᠷ ᠳᠦᠷᠢᠮ ᠨᠢᠭᠡ ᠬᠢᠴᠢᠶᠡᠯ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠡᠪᠯᠡᠯ ᠤᠨ ᠡᠭᠦᠷ ︽ᠭᠤᠣᠯ ᠰᠡᠳᠦᠪᠲᠦ ᠡᠪᠯᠡᠯ ᠤᠨ ᠡᠳᠦᠷ︾ ᠤᠨ ᠠᠵᠢᠯᠯᠠᠭ᠎ᠠ ᠶᠢ 7 ᠤᠳᠠᠭ᠎ᠠ ᠥᠷᠨᠢᠭᠦᠯᠵᠦ᠂ ᠪᠦᠬᠦ ᠰᠤᠮᠤᠨ ᠤ ᠡᠪᠯᠡᠯ ᠤᠨ ᠺᠠᠳ᠋ᠷ᠂ ᠡᠪᠯᠡᠯ ᠤᠨ ᠭᠡᠰᠢᠭᠦᠨ᠂ ᠵᠠᠯᠠᠭᠤᠴᠤᠳ ᠵᠡᠷᠭᠡ ᠬᠥᠮᠥᠰ ᠢ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠵᠢᠯᠯᠠᠭ᠎ᠠ ᠶᠢ 6 ᠤᠳᠠᠭ᠎ᠠ ᠥᠷᠨᠢᠭᠦᠯᠵᠦ᠂ ︽ᠵᠠᠯᠠᠭᠤᠴᠤᠳ ᠤᠨ ᠶᠡᠭᠡ ᠰᠤᠷᠤᠯᠴᠠᠯᠭ᠎ᠠ︾ ᠶᠢᠨ ᠭᠤᠣᠯ ᠰᠡᠳᠦᠪᠲᠦ ᠪᠦᠯᠬᠦᠮ ᠤᠨ ᠬᠢᠴᠢᠶᠡᠯ ᠤᠨ ᠰᠤᠷᠤᠯᠴᠠᠬᠤ ᠠᠵᠢᠯᠯᠠᠭ᠎ᠠ ᠶᠢ 6 ᠤᠳᠠᠭ᠎ᠠ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠵᠡᠯ ᠤᠬᠠᠮᠰᠠᠷ ᠤᠨ ᠬᠡᠯᠪᠡᠷᠢ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠮᠠᠯ ᠠᠵᠤ ᠠᠬᠤᠢ ᠶᠢᠨ ᠬᠡᠷᠡᠭᠯᠡᠭᠡᠨ ᠤ ᠮᠡᠷᠭᠡᠵᠢᠯ ᠵᠡᠷᠭᠡ ᠠᠭᠤᠯᠭ᠎ᠠ ᠶᠢᠨ ᠲᠣᠭᠤᠷᠢᠨ ᠳᠤ 8 ᠤᠳᠠᠭ᠎ᠠ ᠶᠢᠨ ᠰᠤᠷᠤᠯᠴᠠᠯᠭ᠎ᠠ ᠶᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ᠂ ᠦᠨᠳᠦᠰᠦᠲᠡᠨ ᠤ ᠵᠣᠷᠢᠭ ᠰᠠᠨᠠᠭ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠠᠭ ᠦᠶ᠎ᠡ ᠶᠢᠨ ᠵᠣᠷᠢᠭ ᠰᠠᠨᠠᠭ᠎ᠠ ᠶᠢ ᠶᠡᠬᠡᠪᠡᠷ ᠤᠬᠠᠭᠤᠯᠤᠨ ᠪᠠᠳᠠᠷᠠᠭᠤᠯᠵᠤ᠂ ᠵᠠᠯᠠᠭᠤᠴᠤᠳ ᠤᠨ ᠰᠡᠳᠬᠢᠯ ᠢ ᠪᠦᠲᠦᠮᠵᠢᠲᠡᠢ ᠨᠢᠭᠲᠠᠷᠠᠭᠤᠯᠵᠤ᠂ ᠵᠠᠯᠠᠭᠤᠴᠤᠳ ᠤᠨ ᠠᠶᠠᠯᠠᠯ ᠢ ᠬᠥᠲᠥᠯᠥᠨ ᠳᠠᠭᠠᠭᠤᠯᠤᠪᠠ᠃      ᠡᠪᠯᠡᠯ ᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠪᠠ︔ 2023 ᠣᠨ ᠤ ᠪᠠᠶᠢᠭᠤᠯᠭ᠎ᠠ ᠶᠢᠨ 7 ᠡᠪᠯᠡᠯ ᠤᠨ ᠭᠡᠰᠢᠭᠦᠨ ᠪᠠ ᠮᠠᠯᠵᠢᠬᠤ ᠣᠷᠣᠨ ᠤ 103 ᠡᠪᠯᠡᠯ ᠤᠨ ᠭᠡᠰᠢᠭᠦᠨ ᠤ ᠨᠡᠶᠢᠲᠡ 870 ᠲᠥᠭᠦᠷᠢᠭ ᠤᠨ ᠡᠪᠯᠡᠯ ᠤᠨ ᠰᠦᠢᠳᠬᠡᠯ ᠬᠤᠷᠢᠶᠠᠪᠠ︔ 2023 ᠣᠨ ᠤ ︽ᠣᠶᠤᠨᠲᠤ ᠡᠪᠯᠡᠯ ᠤᠨ ᠪᠠᠶᠢᠭᠤᠯᠤᠯᠲᠠ︾ ᠶᠢᠨ ᠡᠪᠯᠡᠯ ᠤᠨ ᠭᠡᠰᠢᠭᠦᠨ᠂ ᠡᠪᠯᠡᠯ ᠤᠨ ᠺᠠᠳ᠋ᠷ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠮᠡᠳᠡᠭᠡ ᠵᠠᠩᠭᠢ ᠶᠢᠨ ᠰᠢᠨᠡᠴᠢᠯᠡᠯᠲᠡ ᠶᠢ ᠨᠢᠭᠡᠨᠲᠡ ᠲᠡᠭᠦᠯᠳᠡᠷᠵᠢᠭᠦᠯᠵᠦ᠂ ᠳᠤᠭ᠎ᠠ ᠪᠠᠷᠢᠮᠳᠠ ᠶᠢᠨ ᠰᠢᠨᠡᠴᠢᠯᠡᠯᠡᠲᠠ ᠶᠢᠨ ᠨᠣᠷᠮ᠎ᠠ ᠶᠢ ᠵᠠᠭᠤᠨ ᠤ ᠵᠠᠭᠤ ᠳᠤ ᠬᠦᠷᠭᠡᠵᠦ᠂ 5 ᠡᠪᠯᠡᠯ ᠤᠨ ᠭᠡᠰᠢᠭᠦᠨ ᠰᠢᠯᠵᠢᠭᠦᠯᠵᠦ᠂ 22 ᠡᠪᠯᠡᠯ ᠤᠨ ᠭᠡᠰᠢᠭᠦᠨ ᠬᠦᠯᠢᠶᠠᠨ ᠠᠪᠣᠪᠠ︔ ᠰᠢᠯᠢᠳᠡᠭ ᠡᠪᠯᠡᠯ ᠤᠨ ᠭᠡᠰᠢᠭᠦᠨ ᠢ ᠨᠠᠮ ᠳᠤ ᠲᠠᠨᠢᠯᠴᠠᠭᠤᠯᠤᠨ ᠣᠷᠣᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠣᠰ ᠵᠢᠯ ᠳᠤ ᠪᠠᠨ ᠭᠠᠴᠠᠭᠠᠨ ᠤ ᠪᠡᠯᠡᠳᠬᠡᠯ ᠺᠠᠳ᠋ᠷ᠂ ᠨᠤᠲᠤᠭ ᠲᠠᠭᠠᠨ ᠪᠤᠴᠠᠭᠰᠠᠨ ᠣᠶᠤᠲᠠᠳ ᠤᠨ ᠳᠣᠲᠣᠷ᠎ᠠ ᠠᠴᠠ ᠰᠢᠯᠢᠳᠡᠭ ᠢ ᠨᠢ ᠡᠪᠯᠡᠯ ᠳᠤ ᠣᠷᠣᠭᠤᠯᠬᠤ ᠢᠳᠡᠪᠬᠢᠲᠡᠨ 1 ᠨᠡᠷ᠎ᠡ᠂ ᠰᠢᠯᠢᠳᠡᠭ ᠢ ᠨᠢ ᠨᠠᠮ ᠳᠤ ᠣᠷᠣᠭᠤᠯᠬᠤ ᠢᠳᠡᠪᠬᠢᠲᠡᠨ 1 ᠨᠠᠷ᠎ᠡ᠂ ᠨᠠᠮ ᠤᠨ ᠭᠡᠰᠢᠭᠦᠨ 1 ᠨᠡᠷ᠎ᠡ︔ ᠰᠤᠮᠤᠨ ᠤ ᠬᠢᠯᠢ ᠬᠢᠵᠠᠭᠠᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠢᠯᠢ ᠶᠢᠨ ᠡᠪᠯᠡᠯ ᠤᠨ ᠪᠠᠶᠢᠭᠤᠯᠤᠯᠲᠠ ᠶᠢᠨ ᠤᠷᠲᠤ ᠬᠤᠩᠭᠢᠯ ᠤᠨ ᠵᠢᠱᠢᠶ᠎ᠡ ᠦᠵᠡᠭᠦᠯᠬᠦ       ᠪᠦᠰᠡ︾ ᠶᠢ ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠵᠤ᠂ ︽ᠵᠠᠯᠠᠭᠤᠴᠤᠳ ᠤᠨ ᠠᠶᠢᠯ︾ ᠶᠢᠨ ᠣᠨᠴᠠᠯᠢᠭᠲᠤ ᠠᠵᠢᠯᠯᠠᠭ᠎ᠠ ᠶᠢᠨ  ᠰᠠᠭᠤᠷᠢᠨ ᠭᠠᠵᠠᠷ ᠢ ᠪᠠᠶᠢᠭᠤᠯᠵᠤ᠂ ᠬᠢᠯᠢ ᠬᠢᠵᠠᠭᠠᠷ ᠤᠨ ᠡᠪᠯᠡᠯ ᠤᠨ ᠪᠠᠶᠢᠭᠤᠯᠤᠯᠲᠠ ᠶᠢᠨ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂ ︽ᠬᠢᠯᠢ ᠬᠢᠵᠠᠭᠠᠷ ᠢ ᠬᠦᠴᠦᠷᠬᠡᠭᠵᠢᠭᠦᠯᠦᠨ ᠪᠠᠬᠢᠵᠢᠭᠦᠯᠵᠦ ᠵᠠᠯᠠᠭᠤᠴᠤᠳ ᠤᠨ ᠭᠠᠪᠰᠢᠭᠠᠢ ᠠᠩᠭᠢ︾  ᠶᠢ ᠵᠣᠬᠢᠶᠠᠨ ᠪᠠᠶᠢᠭᠤᠯᠵᠤ᠂ ᠳᠥᠷᠪᠡᠨ ᠭᠠᠴᠠᠭᠠᠨ ᠤ ᠡᠪᠯᠡᠯ ᠤᠨ ᠭᠡᠰᠢᠭᠦᠨ ᠤ ᠭᠤᠣᠯᠳᠠᠯᠭᠠᠲᠤ ᠡᠷᠦᠬᠡ 8 ᠡᠷᠦᠬᠡ ᠶᠢ ᠰᠣᠩᠭᠤᠨ ᠪᠣᠶᠢᠵᠢᠭᠤᠯᠵᠤ᠂ ︽ᠤᠯᠤᠰ ᠢᠶᠠᠨ ᠬᠠᠶᠢᠷᠠᠯᠠᠵᠤ ᠬᠢᠯᠢ ᠬᠢᠵᠠᠭᠠᠷ ᠢ ᠬᠠᠮᠠᠭᠠᠯᠠᠬᠤ ᠰᠠᠶᠢᠨ ᠵᠠᠯᠠᠭᠤᠴᠤᠳ︾ ᠤᠨ 4 ᠳᠠᠭᠤᠷᠢᠶᠠᠯ ᠢ ᠰᠢᠯᠭᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠮᠥᠵᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠪᠣᠯᠬᠤ ᠪᠠᠷ ᠴᠢᠷᠮᠠᠶᠢᠬᠤ ᠶᠢ ᠬᠥᠲᠥᠯᠥᠨ ᠵᠢᠯᠣᠭᠤᠳᠪᠠ᠃      ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠲᠠᠶᠢᠴᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ︔ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠠᠵᠢᠯ ᠢ ᠢᠮᠠᠭᠲᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠬᠦ ᠪᠠ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠴᠢᠬᠤᠯᠠ ᠭᠠᠷᠳᠠᠴᠠ ᠪᠣᠯᠭᠠᠵᠤ᠂ ᠵᠢᠯ ᠤᠨ ᠡᠬᠢᠨ ᠳᠤ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠠᠵᠢᠯ ᠢ ᠨᠠᠮ ᠤᠨ ᠬᠤᠷᠢᠶ᠎ᠠ ᠵᠢᠴᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠵᠤ᠂ ᠭᠠᠴᠠᠭᠠᠨ ᠤ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢ ᠠᠳᠬᠤᠵᠤ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢ ᠬᠢᠨᠠᠨ ᠰᠢᠯᠭᠠᠪᠠ︔ ᠨᠠᠮ ᠤᠨ ᠪᠠᠶᠢᠭᠤᠯᠤᠯᠲᠠ ᠶᠢᠨ ᠵᠠᠷᠤᠳᠠᠯ ᠤᠨ ᠪᠦᠬᠦᠯᠢ ᠴᠣᠭᠴᠠ ᠶᠢᠨ ᠲᠥᠯᠥᠪᠯᠡᠭᠡ ᠳᠤ ᠡᠪᠯᠡᠯ ᠤᠨ ᠠᠵᠢᠯ ᠤᠨ ᠵᠠᠷᠤᠳᠠᠯ ᠢ ᠵᠦᠢ ᠵᠣᠬᠢᠰᠲᠠᠢ ᠪᠠᠷ ᠨᠡᠮᠡᠭᠳᠡᠭᠦᠯᠬᠦ ᠲᠣᠭᠲᠠᠴᠠ ᠶᠢ       ᠪᠠᠶᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠭᠤᠴᠤᠳ ᠪᠠᠭᠠᠴᠤᠳ ᠲᠠᠢ ᠬᠠᠷᠢᠯᠴᠠᠬᠤ ᠪᠠ ᠵᠠᠯᠠᠭᠤᠴᠤᠳ ᠪᠠᠭᠠᠴᠤᠳ ᠤᠨ ᠵᠦᠢᠯᠡᠰ ᠲᠤ ᠦᠢᠯᠡᠴᠢᠯᠡᠬᠦ ᠪᠠ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠦᠬᠦᠢ ᠵᠠᠷᠤᠳᠠᠯ ᠤᠨ ᠬᠡᠷᠡᠭᠴᠡᠭᠡ ᠶᠢ ᠪᠠᠲᠤᠯᠠᠪᠠ︔ ᠨᠠᠮ ᠤᠨ ᠬᠤᠷᠢᠶᠠᠨ ᠤ ᠱᠦᠵᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀  ᠢ ᠪᠦᠬᠦ ᠲᠠᠯ᠎ᠠ ᠪᠠᠷ ᠪᠠᠶᠢᠭᠤᠯᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤᠴᠤᠳ ᠤᠨ ᠬᠤᠰᠢᠭᠤᠴᠢ︾ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠬᠤ ᠠᠵᠢᠯᠯᠠᠭ᠎ᠠ ᠶᠢ ᠡᠷᠬᠢᠯᠡᠪᠡ︔ ᠭᠠᠴᠠᠭᠠᠨ ᠤ ᠨᠠᠮ ᠤᠨ ᠭᠡᠰᠢᠭᠦᠨ ᠤ ᠭᠤᠣᠯᠳᠠᠯᠭ᠎ᠠ ᠲᠠᠢ ᠡᠷᠦᠬᠡ ᠶᠢᠨ ︽ᠵᠠᠯᠠᠭᠤᠴᠤᠳ ᠤᠨ ᠠᠶᠢᠯ︾ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠨ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ        ᠤᠬᠠᠭᠤᠯᠭ᠎ᠠ︾᠂ ︽ᠲᠠᠪᠤᠨ ᠰᠠᠷ᠎ᠠ ᠶᠢᠨ ᠤᠷᠢ ᠵᠠᠯᠠᠭᠤᠴᠤᠳ ᠢᠶᠠᠨ ᠴᠤᠭᠯᠠᠭᠤᠯᠤᠨ ᠠᠶᠠᠯᠠᠯ ᠢᠶᠠᠨ ᠡᠬᠢᠯᠡᠭᠦᠯᠬᠦ︾᠂ ︽ᠰᠣᠨᠢᠷᠬᠠᠯ ᠤᠨ ᠬᠥᠳᠡᠯᠭᠡᠭᠡᠨ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ 6 ᠤᠳᠠᠭ᠎ᠠ ᠥᠷᠨᠢᠭᠦᠯᠵᠦ᠂       ︽ᠨᠠᠮ ᠤᠨ ᠲᠡᠦᠬᠡ ᠶᠢᠨ ᠰᠤᠷᠤᠯᠴᠠᠯᠭ᠎ᠠ︾᠂ ︽ᠠᠷᠠᠳ ᠤᠨ ᠵᠠᠩ ᠦᠶᠯᠡ ᠶᠢᠨ ᠰᠣᠶᠣᠯ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ︾ ᠵᠡᠷᠭᠡ ᠵᠠᠯᠠᠭᠤᠴᠤᠳ ᠤᠨ ᠰᠣᠶᠣᠯ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ 3 ᠤᠳᠠᠭ᠎ᠠ ᠥᠷᠨᠢᠭᠦᠯᠪᠡ᠃      ᠵᠠᠯᠠᠭᠤᠴᠤᠳ ᠤᠨ ᠴᠢᠳᠠᠪᠤᠷᠢᠲᠠᠨ ᠪᠣᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠬᠦᠴᠦᠨ ᠢ  ᠲᠠᠬᠡᠭᠰᠢᠯᠠᠬᠦᠯᠪᠠ︔ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠶᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠥᠷᠭᠡᠨ ᠣᠯᠠᠨ ᠬᠦᠰᠡᠯ ᠵᠣᠷᠢᠭ ᠲᠠᠢ ᠵᠠᠯᠠᠭᠤᠴᠤᠳ ᠢ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠮᠠᠯ ᠠᠵᠤ ᠠᠬᠤᠢ ᠶᠢᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠵᠠᠩ ᠳᠠᠳᠬᠠᠯ ᠢ ᠥᠭᠡᠷᠡᠴᠢᠯᠡᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠳᠤ 12  ᠤᠳᠠᠭ᠎ᠠ ᠣᠷᠣᠯᠴᠠᠭᠤᠯᠪᠠ᠂ ᠵᠢᠱᠢᠶᠡᠯᠡᠪᠡᠯ ᠵᠠᠯᠠᠭᠤᠴᠤᠳ ᠪᠠᠭᠠᠴᠤᠳ ᠤᠨ ᠬᠦᠴᠢᠷᠳᠡᠯᠲᠡᠢ ᠶᠢ ᠲᠤᠰᠠᠯᠠᠵᠤ ᠰᠤᠷᠤᠯᠭ᠎ᠠ ᠶᠢ ᠲᠡᠳᠬᠦᠬᠦ ᠬᠠᠯᠠᠮᠵᠢᠯᠠᠨ ᠬᠠᠶᠢᠷᠠᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠮᠣᠷᠠᠯ ᠰᠤᠷᠤᠯᠭ᠎ᠠ ᠬᠤᠣᠰᠯᠠᠭᠰᠠᠨ ᠶᠠᠳᠠᠭᠤ ᠬᠦᠴᠢᠷᠳᠡᠯᠲᠡᠢ 21 ᠰᠣᠷᠣᠭᠴᠢ ᠶᠢ 1.64 ᠲᠦᠮᠡᠨ ᠲᠥᠭᠦᠷᠢᠭ ᠲᠤᠰᠠᠯᠠᠪᠠ︔ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠮᠠᠯᠵᠢᠬᠤ ᠣᠷᠣᠨ ᠤ ᠲᠥᠯ ᠲᠤᠰᠴᠦ ᠪᠣᠶᠢᠵᠢᠭᠤᠯᠬᠤ ᠵᠠᠩᠭᠢᠯᠠᠭ᠎ᠠ ᠶᠢᠨ ᠴᠠᠭ ᠲᠠᠢ ᠤᠶᠠᠯᠳᠤᠭᠤᠯᠵᠤ᠂ ᠵᠠᠯᠠᠭᠤᠴᠤᠳ ᠤᠨ ᠰᠡᠳᠬᠢᠯ ᠢ ᠳᠤᠯᠠᠭᠠᠴᠠᠭᠤᠯᠬᠤ ᠪᠠᠭ᠎ᠠ ᠰᠠᠯᠪᠤᠷᠢ ᠠᠩᠭᠢ ᠶᠢᠨ ᠬᠢᠨ ︽ᠭᠠᠷᠠᠭ ᠤᠨ ᠡᠳᠦᠷ ᠰᠠᠶᠢᠨ ᠳᠤᠷ᠎ᠠ ᠶᠢᠨ ᠠᠵᠢᠯᠯᠠᠭ᠎ᠠ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ︔ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠶᠡᠷᠦᠩᠬᠡᠶᠢᠯᠡᠨ ᠵᠠᠰᠠᠬᠤ ᠤᠷᠳᠤ ᠳᠤ        ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ︾ ᠤᠨ ︽ᠵᠠᠯᠠᠭᠤ ᠨᠠᠰᠤᠨ ᠤ ᠨᠡᠷ᠎ᠡ ᠪᠠᠷ ᠵᠠᠩ ᠳᠠᠳᠬᠠᠯ ᠢ ᠥᠭᠡᠷᠡᠴᠢᠯᠡᠬᠦ ᠶᠢ ᠦᠢᠯᠡᠳᠦᠯᠭᠡᠵᠢᠭᠦᠯᠬᠦ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠬᠠᠮᠲᠤ ᠶᠢᠨ ᠠᠮᠠᠯᠠᠯᠲᠠ ᠶᠢᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ᠵᠠᠩ ᠳᠠᠳᠬᠠᠯ ᠢ ᠥᠭᠡᠷᠡᠴᠢᠯᠡᠬᠦ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠤᠨ᠂ ᠪᠥᠬᠦ ᠰᠤᠮᠤᠨ ᠤ ᠥᠷᠭᠡᠨ ᠣᠯᠠᠨ ᠵᠠᠯᠠᠭᠤ ᠨᠠᠶᠢᠵᠠ ᠨᠠᠷ ᠲᠤ ᠥᠭᠭᠦᠭᠰᠡᠨ ᠵᠠᠩ ᠳᠠᠳᠬᠠᠯ ᠢ ᠥᠭᠡᠷᠡᠴᠢᠯᠡᠬᠦ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡᠯᠡᠵᠦ᠂ ᠰᠢᠨᠵᠢᠯᠡᠬᠦ ᠤᠬᠠᠭᠠᠨᠴᠢ ᠪᠣᠯᠪᠠᠰᠤᠨ ᠢ ᠡᠷᠬᠢᠮᠯᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠪᠣᠶ ᠪᠤᠯᠭᠠᠪᠠ᠃      2024 ᠣᠨ ᠳᠤ᠂ ᠰᠤᠮᠤᠨ ᠤ ᠡᠪᠯᠡᠯ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠦᠬᠦ ᠠᠵᠢᠯ ᠤᠨ ᠢᠶᠠᠨ ᠢᠯᠡ ᠲᠣᠳᠣ ᠭᠤᠣᠯ ᠰᠡᠳᠦᠪ ᠪᠠ ᠢᠮᠠᠭᠲᠠ ᠲᠤᠤᠱᠯᠠᠭᠤᠯᠬᠤ ᠲᠣᠪᠣᠶᠢᠮ᠎ᠠ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠳᠦᠷᠢᠮ ᠲᠣᠭᠲᠠᠴᠠ ᠶᠢ ᠭᠦᠢᠴᠡᠳ ᠰᠠᠶᠢᠲᠤᠷ ᠠᠰᠢᠭᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ︽ᠬᠥᠭᠦᠷᠭᠡ ᠬᠤᠯᠪᠣᠭᠠᠰᠤ︾ ᠶᠢᠨ ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠠᠮ ᠵᠠᠰᠠᠭ ᠤᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤᠴᠤᠳ ᠤᠨ ᠠᠵᠢᠯ ᠳᠤ ᠦᠢᠯᠡᠴᠢᠯᠡᠬᠦ ᠪᠠᠷ ᠭᠤᠣᠯᠳᠠᠭᠤᠯᠵᠤ᠂ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠰᠢᠵᠢᠷ ᠠᠯᠳᠠᠨ ᠬᠢᠯᠢ ᠬᠢᠵᠠᠭᠠᠷ ᠢ ᠴᠢᠷᠮᠠᠶᠢᠨ ᠪᠢᠴᠢᠭᠯᠡᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号