9 ᠰᠠᠷ᠎ᠠ ᠶᠢᠨ 19 ᠤ ᠡᠳᠦᠷ᠂ ᠵᠡᠭᠦᠨ ᠬᠠᠲᠠᠪᠴᠢ ᠪᠣᠭᠤᠮᠲᠠ ᠠᠴᠠ ᠪᠣᠭᠤᠮᠲᠠ ᠶᠢᠨ ᠭᠠᠭᠴᠠ ᠡᠳᠦᠷ ᠤᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 31000 ᠲᠣᠨ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠦᠭᠰᠡᠨ ᠴᠢᠮᠡᠭᠡ ᠳᠠᠮᠵᠢᠭᠳᠠᠪᠠ᠃ ᠣᠳᠣᠬᠠᠨ ᠪᠣᠯᠲᠠᠯ᠎ᠠ᠂ 2024 ᠣᠨ ᠳᠤ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠨᠡᠶᠢᠲᠡ 193.43 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 10.78% ᠨᠡᠮᠡᠭᠳᠡᠨ᠂ ᠪᠠᠰᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠵᠡᠭᠦᠨ ᠬᠠᠲᠠᠪᠴᠢ ᠪᠣᠭᠤᠮᠲᠠ ᠳᠤ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠲᠡᠷᠭᠡ ᠮᠠᠰᠢᠨ ᠤᠳ ᠡᠮᠬᠢ | ᠵᠢᠷᠤᠮ ᠲᠠᠢ ᠪᠠᠷ ᠣᠷᠣᠵᠤ ᠭᠠᠷᠴᠤ᠂ ᠠᠵᠢᠯᠲᠠᠳ ᠪᠠᠶᠢᠴᠠᠭᠠᠨ ᠰᠢᠯᠭᠠᠬᠤ ᠠᠵᠢᠯ ᠢᠶᠠᠨ ᠶᠠᠭᠠᠷᠠᠯᠲᠠᠶ ᠬᠢᠵᠦ ᠪᠠᠶᠢᠬᠤ ᠶᠢ | ᠰᠤᠷᠪᠤᠯᠵᠢᠯᠠᠭᠴᠢ ᠣᠯᠵᠤ ᠬᠠᠷᠠᠪᠠ᠃ ᠡᠯ᠎ᠡ ᠭᠤᠭᠴᠤᠭ᠎ᠠ ᠨᠢᠭᠲᠠ ᠬᠠᠮᠵᠢᠯᠴᠠᠵᠤ᠂ ᠪᠠᠷᠠᠭᠠᠨ ᠤ ᠲᠦᠷᠭᠡᠨ | ᠡᠷᠭᠢᠯᠲᠡ ᠶᠢ ᠪᠠᠲᠤᠯᠠᠪᠠ᠃ ᠵᠡᠭᠦᠨ ᠬᠠᠲᠠᠪᠴᠢ ᠪᠣᠭᠤᠮᠲᠠ ᠨᠢ ᠭᠠᠳᠠᠭᠠᠳᠤ ᠠᠷᠠᠯᠵᠢᠶᠠᠨ ᠤ ᠴᠢᠬᠤᠯᠠ ᠵᠠᠮ | ᠪᠣᠯᠤᠭᠰᠠᠨ ᠤ ᠬᠤᠪᠢ ᠳᠤ᠂ ᠲᠣᠰ ᠤᠳᠠᠭ᠎ᠠ ᠭᠠᠭᠴᠠ ᠡᠳᠦᠷ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ | ᠰᠢᠨ᠎ᠡ ᠰᠢᠪᠲᠤᠯᠤᠯᠲᠠ ᠲᠠᠢ ᠪᠣᠯᠤᠭᠰᠠᠨ ᠪᠥᠭᠡᠳ ᠵᠡᠭᠦᠨ ᠬᠠᠲᠠᠪᠴᠢ ᠪᠣᠭᠤᠮᠲᠠ ᠶᠢᠨ ᠭᠠᠵᠠᠷ ᠣᠷᠣᠨ ᠤ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ᠂ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ | ᠲᠠᠯ᠎ᠠ ᠪᠠᠷ ᠨᠠᠩ ᠪᠠᠲᠤ ᠪᠠᠬᠢ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ | ︽ᠵᠡᠭᠦᠨ ᠬᠠᠲᠠᠪᠴᠢ ᠪᠣᠭᠤᠮᠲᠠ ᠨᠢ ᠰᠠᠭᠤᠷᠢ ᠪᠥᠲᠥᠭᠡᠨ ᠪᠠᠶᠢᠭᠤᠯᠤᠯᠲᠠ ᠪᠠᠨ ᠦᠷᠭᠦᠯᠵᠢᠯᠡᠨ | ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠴᠠᠭᠤᠯᠵᠤ᠂ | ᠪᠣᠭᠤᠮᠲᠠ ᠪᠠᠷ ᠥᠩᠭᠡᠷᠡᠬᠦ ᠶᠠᠪᠤᠴᠠ ᠳᠠᠬᠢ ᠬᠦᠴᠢᠷ ᠠᠰᠠᠭᠤᠳᠠᠯ ᠪᠠ ᠲᠦᠭᠵᠢᠷᠡᠯ ᠤᠨ ᠠᠰᠠᠭᠤᠳᠠᠯ ᠳᠤ ᠴᠢᠭᠯᠡᠭᠦᠯᠦᠨ᠂ | ᠴᠠᠭ ᠲᠤᠬᠠᠶ ᠳᠤ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠣᠩᠭᠤᠯ ᠤᠯᠤᠰ ᠤᠨ ᠬᠢᠯᠢ ᠳᠤᠲᠤᠷᠠᠬᠢ ᠵᠡᠭᠦᠨ | ᠬᠠᠲᠠᠪᠴᠢ ᠪᠣᠭᠤᠮᠲᠠ ᠠᠴᠠ 100 ᠺᠢᠯᠣᠮᠧᠲᠷ ᠵᠠᠶᠢᠲᠠᠢ ᠪᠠᠶᠢᠭ᠎ᠠ 4 ᠭᠤᠤᠯ ᠪᠣᠯᠬᠤ ᠨᠡᠭᠦᠷᠡᠰᠦᠨ ᠠᠭᠤᠷᠬᠠᠶ ᠶᠢᠨ | ᠠᠵᠤ ᠠᠬᠤᠶᠢᠯᠠᠯ ᠤᠨ ᠲᠡᠭᠡᠭᠡᠪᠦᠷᠢ ᠶᠢᠨ ᠵᠠᠮ ᠢ ᠨᠡᠪᠲᠡᠷᠡᠭᠦᠯᠦᠭᠰᠡᠨ ᠤ ᠬᠠᠮᠲᠤ᠂ ᠮᠣᠩᠭᠤᠯ ᠤᠯᠤᠰ ᠤᠨ | ᠪᠣᠭᠤᠮᠲᠠ ᠠᠴᠠ 40 ᠺᠢᠯᠣᠮᠧᠲᠷ ᠵᠠᠶᠢᠲᠠᠢ ᠪᠠᠶᠢᠭ᠎ᠠ ᠨᠡᠭᠦᠷᠡᠰᠦᠨ ᠠᠭᠤᠷᠬᠠᠶ ᠨᠢ ᠨᠢᠭᠡᠨᠲᠡ ᠠᠵᠢᠯ | ᠦᠢᠯᠡᠳᠪᠦᠷᠢᠯᠡᠯ ᠢᠶᠠᠨ ᠰᠡᠷᠭᠦᠭᠡᠪᠡ᠃ ᠲᠠᠷᠠᠭᠠᠴᠢ ᠶᠢᠨ ᠠᠯᠬᠤᠮ ᠳᠤ᠂ ᠵᠡᠭᠦᠨ ᠬᠠᠲᠠᠪᠴᠢ ᠪᠣᠭᠤᠮᠲᠠ ᠰᠠᠭᠤᠷᠢ | ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠭᠤᠮᠲᠠ ᠶᠢᠨ ᠭᠠᠳᠠᠭᠠᠳᠤ ᠨᠡᠭᠡᠭᠡᠯᠲᠡ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠮᠣᠩᠭᠤᠯ ᠤᠯᠤᠰ ᠤᠨ ᠵᠡᠭᠦᠨ ᠬᠠᠲᠠᠪᠴᠢ ᠪᠣᠭᠤᠮᠲᠠ ᠠᠴᠠ 180 | ᠺᠢᠯᠣᠮᠧᠲᠷ ᠵᠠᠶᠢᠲᠠᠶ ᠠᠭᠤᠷᠬᠠᠶ ᠶᠢᠨ ᠣᠷᠣᠨ ᠤ ᠵᠠᠮ ᠢ ᠨᠡᠪᠲᠡᠷᠡᠭᠦᠯᠬᠦ ᠪᠠᠷ ᠪᠠᠶᠢᠨ᠎ᠠ᠃ ᠣᠲᠣ ᠶᠢᠨ ᠪᠠᠶᠢᠭ᠎ᠠ ᠰᠠᠭᠤᠷᠢᠨ | ᠳᠡᠭᠡᠷ᠎ᠡ᠂ ᠨᠡᠭᠦᠷᠡᠰᠦᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠢᠴᠢ ᠪᠤᠰᠤᠳ ᠪᠠᠷᠠᠭ᠎ᠠ ᠶᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | 2025 ᠣᠨ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠶᠢ ᠨᠢᠭᠡ ᠳᠠᠬᠢᠨ ᠨᠡᠮᠡᠭᠳᠡᠭᠦᠯᠬᠦ ᠪᠠᠷ ᠴᠢᠷᠮᠠᠶᠢᠨ᠎ᠠ︾ ᠭᠡᠵᠦ ᠵᠡᠭᠦᠨ ᠦᠵᠦᠮᠦᠴᠢᠨ ᠬᠤᠰᠢᠭᠤᠨ ᠤ ᠵᠡᠭᠦᠨ | ᠬᠠᠲᠠᠪᠴᠢ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠬᠦᠬᠡᠪᠤᠯᠠᠭ ᠬᠡᠯᠡᠪᠡ᠃ | ᠣᠶᠢᠷ᠎ᠠ ᠶᠢᠨ ᠵᠢᠯ ᠳᠤ᠂ ᠵᠡᠭᠦᠨ ᠬᠠᠲᠠᠪᠴᠢ ᠪᠣᠭᠤᠮᠲᠠ ᠤᠯᠤᠰ ᠤᠨ ᠬᠢᠯᠢ ᠳᠠᠭᠠᠤ ᠨᠡᠭᠡᠭᠡᠯᠲᠡ ᠬᠢᠬᠦ ᠶᠢ | ᠥᠷᠭᠡᠳᠬᠡᠬᠦ ᠪᠠ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠲᠠᠪᠤᠨ ᠶᠡᠭᠡ ᠡᠭᠦᠷᠭᠡ︾ ᠪᠠᠷ | ᠶᠡᠷᠦᠩᠬᠡᠶᠢᠯᠡᠨ ᠵᠢᠯᠣᠭᠤᠳᠣᠭᠤᠯᠵᠤ᠂ ᠪᠣᠭᠤᠮᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ ᠦᠷᠭᠦᠯᠵᠢᠯᠡᠨ ᠨᠡᠮᠡᠭᠳᠡᠬᠦ | ᠲᠠᠯ᠎ᠠ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠵᠢᠴᠢ ᠣᠷᠣᠨ ᠪᠦᠰᠡ ᠶᠢᠨ ᠠᠵᠤ | ᠠᠬᠤᠶ ᠶᠢᠨ ᠬᠠᠮᠲᠤᠷᠠᠯᠴᠠᠭ᠎ᠠ ᠳᠤ ᠢᠳᠡᠪᠬᠢᠲᠡᠶ ᠦᠢᠯᠡᠳᠦᠯ ᠦᠵᠡᠭᠦᠯᠵᠦ ᠪᠠᠶᠢᠨ᠎ᠠ᠃ |