︽ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ︾ ᠲᠡᠮᠦᠷ ᠵᠠᠮ ᠤᠨ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠦᠷᠲᠡᠭᠡ ᠲᠤᠭᠲᠠᠭᠤᠨ ᠢᠶᠠᠷ ᠠᠵᠢᠯᠯᠠᠵᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/10/11
      ︽ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ︾ ᠲᠡᠮᠦᠷ ᠵᠠᠮ ᠪᠣᠯ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠪᠣᠯᠤᠨ ᠲᠦᠩᠯᠢᠶᠣᠤ ᠬᠤᠲᠠ ᠶᠢᠨ ᠬᠤᠣᠯᠢᠨ ᠭᠤᠣᠯ ᠤᠨ ᠵᠦᠰᠬᠤᠸᠠ ᠪᠠᠯᠭᠠᠰᠤ ᠶᠢ ᠬᠤᠯᠪᠤᠵᠪ ᠪᠠᠶᠢᠭ᠎ᠠ ᠲᠡᠮᠦᠷ ᠵᠠᠮ ᠂ ᠭᠢᠷᠢᠨ᠂ ᠯᠢᠶᠣᠤᠨᠢᠩ ᠵᠡᠷᠭᠡ ᠭᠠᠵᠠᠷ ᠣᠷᠣᠨ ᠤ ᠴᠠᠬᠢᠯᠭᠠᠨ ᠭᠠᠷᠭᠠᠬᠤ ᠦᠢᠯᠡᠳᠪᠦᠷᠢ ᠳᠤ ᠨᠡᠪᠲᠡᠷᠡᠨ᠂ ᠡᠨᠧᠷᠭᠢ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠵᠤ ᠪᠠᠶᠢᠨ᠎ᠠ᠃ ᠵᠡᠭᠦᠨ ᠬᠠᠲᠠᠪᠴᠢ ᠪᠣᠭᠤᠮᠲᠠ ᠶᠢᠨ ᠠᠵᠤ ᠠᠬᠤᠶ ᠶᠢᠨ ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ︽ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ︾ ᠲᠡᠮᠦᠷ ᠵᠠᠮ ᠤᠨ ᠰᠠᠭᠤᠷᠢ ᠲᠥᠬᠦᠭᠡᠷᠦᠮᠵᠢ᠂ ᠲᠡᠭᠡᠭᠡᠪᠦᠷᠢ ᠶᠢᠨ ᠬᠦᠴᠦᠨ ᠲᠡᠭᠡᠭᠡᠪᠦᠷᠢ ᠶᠢᠨ ᠵᠠᠷᠤᠳᠠᠯ ᠵᠡᠷᠭᠡ ᠲᠠᠯ᠎ᠠ ᠪᠠᠷ ᠲᠡᠮᠦᠷ ᠵᠠᠮ ᠤᠨ ᠲᠡᠭᠡᠭᠡᠪᠦᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃      ᠨᠢᠭᠡ ᠳᠤ᠂ ᠲᠡᠮᠦᠷ ᠵᠠᠮ ᠤᠨ ᠲᠡᠭᠡᠭᠡᠪᠦᠷᠢ ᠭᠤᠣᠯ ᠬᠦᠢᠰᠦ ᠶᠢ ᠪᠦᠷᠢᠯᠳᠦᠭᠦᠯᠪᠡ᠃ ︽ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ︾ ᠲᠡᠮᠦᠷ ᠵᠠᠮ ᠤᠨ ᠪᠦᠬᠦ ᠣᠷᠳᠣ ᠨᠢ 363 ᠺᠢᠯᠣᠮᠧᠲᠷ᠂ ᠮᠠᠨ ᠤ ᠬᠤᠰᠢᠭᠤᠨ ᠤ ᠬᠢᠯᠢ ᠳᠣᠲᠣᠷᠠᠬᠢ ᠨᠢ 287 ᠺᠢᠯᠣᠮᠧᠲᠷ᠂ ᠵᠡᠭᠦᠨ ᠬᠠᠲᠠᠪᠴᠢ ᠲᠡᠮᠦᠷ ᠵᠠᠮ ᠤᠨ ᠲᠤᠰᠬᠠᠶ ᠱᠤᠭᠤᠮ ᠨᠢ ︽ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ︾᠎  ᠲᠡᠮᠦᠷ ᠵᠠᠮ ᠤᠨ ᠤᠷᠲᠤᠳᠬᠠᠭᠰᠠᠨ ᠱᠤᠭᠤᠮ ᠪᠣᠯᠤᠭᠰᠠᠨ ᠤ ᠬᠤᠪᠢ ᠳᠤ᠂ ᠪᠥᠬᠦ ᠣᠷᠳᠣ ᠨᠢ 74 ᠺᠢᠯᠣᠮᠧᠲᠷ᠂ ᠲᠣᠰ ᠱᠤᠭᠤᠮ ᠨᠢ ᠪᠠᠷᠠᠭ᠎ᠠ ᠭᠦᠢᠴᠡᠳ ᠪᠠᠶᠢᠳᠠᠯ ᠳᠣᠤᠷ᠎ᠠ ᠡᠳᠦᠷ ᠤᠨ ᠬᠦᠷᠭᠡᠬᠦ ᠬᠡᠮᠵᠢᠶ᠎ᠡ ᠨᠢ 7500 ᠲᠣᠨ ᠠᠴᠠ 22500 ᠲᠣᠨ᠂ ᠵᠢᠯ ᠤᠨ ᠲᠡᠭᠡᠭᠡᠪᠦᠷᠢᠯᠡᠬᠦ ᠬᠡᠮᠵᠢᠶ᠎ᠡ ᠨᠢ 500 ᠲᠦᠮᠡ ᠠᠴᠠ 700 ᠲᠦᠮᠡᠨ ᠲᠣᠨ ᠬᠦᠷᠬᠦ ᠪᠤᠯᠤᠨ᠎ᠠ᠃ ︽ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ︾ ᠵᠡᠭᠦᠨ ᠬᠠᠲᠠᠪᠴᠢ ᠲᠡᠮᠦᠷ ᠵᠠᠮ ᠤᠨ ᠲᠤᠰᠬᠠᠶ ᠱᠤᠭᠤᠮ ᠪᠣᠯ ᠵᠡᠭᠦᠨ ᠬᠠᠲᠠᠪᠴᠢ ᠪᠣᠭᠤᠮᠲᠠ ᠬᠢᠭᠡᠳ ᠮᠣᠩᠭᠤᠯ ᠤᠯᠤᠰ ᠪᠣᠯᠤᠨ ᠮᠠᠨ ᠤ ᠤᠯᠤᠰ ᠤᠨ ᠵᠡᠭᠦᠨ ᠬᠤᠶᠢᠲᠤ ᠶᠢᠨ ᠲᠡᠮᠦᠷ ᠵᠠᠮ ᠤᠨ ᠲᠣᠤᠷᠵᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠪᠥᠭᠡᠳ ᠪᠣᠭᠤᠮᠲᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠵᠠᠮ ᠪᠣᠯᠤᠨ᠎ᠠ᠃ ᠡᠨᠡ ᠵᠢᠯ ᠨᠡᠶᠢᠲᠡ 74 ᠲᠦᠮᠡᠨ ᠲᠣᠨ ᠨᠡᠭᠦᠷᠡᠰᠦ ᠲᠡᠭᠡᠭᠡᠪᠦᠷᠢᠯᠡᠪᠡ᠃      ᠬᠤᠶᠠᠷ ᠲᠤ᠂ ᠲᠡᠮᠦᠷ ᠵᠠᠮ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠪᠡ᠃ ᠨᠡᠶᠢᠲᠡ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠷᠢᠳ ᠬᠤᠵᠢᠳ ᠵᠠᠰᠠᠮᠠᠯ ᠵᠠᠮ ᠤᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠲᠣᠭᠤᠷᠢᠭ ᠵᠢᠴᠢ ᠢᠵᠢ ᠪᠦᠷᠢᠳᠦᠭᠰᠡᠨ ᠪᠠᠶᠢᠴᠠᠭᠠᠨ ᠰᠢᠯᠭᠠᠬᠤ ᠲᠥᠬᠦᠭᠡᠷᠦᠮᠵᠢ᠂ ᠪᠠᠷᠠᠭᠠᠨ ᠤ ᠲᠡᠭᠡᠭᠡᠪᠦᠷᠢ ᠶᠢᠨ ᠵᠠᠮ᠂ ᠤᠶᠤᠨᠲᠤ ᠪᠣᠭᠤᠮᠲᠠ᠂ ᠬᠠᠮᠲᠤᠷᠠᠨ ᠪᠠᠶᠢᠴᠠᠭᠠᠬᠤ ᠠᠰᠠᠷ ᠤᠨ ᠥᠭᠡᠷᠡᠴᠢᠯᠡᠯᠲᠡ᠂ ᠪᠠᠷᠠᠭᠠᠨ ᠤ ᠲᠡᠷᠭᠡ ᠶᠢᠨ ᠪᠠᠶᠢᠴᠠᠭᠠᠨ ᠰᠢᠯᠭᠠᠬᠤ ᠰᠢᠰᠲ᠋ᠧᠮ ᠵᠢᠴᠢ ᠲᠣᠭᠤᠷᠢᠭ ᠤᠨ ᠲᠡᠭᠡᠭᠡᠪᠦᠷᠢ ᠶᠢᠨ ᠵᠠᠮ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠣᠭᠤᠮᠲᠠ ᠶᠢᠨ ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 3 ᠰᠠᠷ᠎ᠠ ᠶᠢᠨ 21᠎ ᠤ ᠡᠳᠦᠷ ᠵᠡᠭᠦᠨ ᠬᠠᠲᠠᠪᠴᠢ ᠪᠣᠭᠤᠮᠲᠠ 8 ᠰᠠᠭᠤᠳᠠᠯ ᠠᠴᠠ ᠳᠣᠷᠣᠭᠰᠢᠬᠢ ᠬᠢᠯᠢ ᠶᠢᠨ ᠠᠷᠠᠳ ᠤᠨ ᠵᠢᠵᠢᠭ ᠬᠡᠯᠪᠡᠷᠢ ᠶᠢᠨ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠵᠦ᠂ ᠳᠤᠮᠳᠠᠳᠤ ᠮᠣᠩᠭᠤᠯ ᠬᠤᠶᠠᠷ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠵᠢᠴᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠣᠲᠣ ᠪᠣᠯᠲᠠᠯ᠎ᠠ ᠨᠡᠶᠢᠲᠡ 175 ᠬᠢᠯᠢ ᠪᠠᠷ ᠣᠷᠣᠵᠤ ᠭᠠᠷᠬᠤ ᠦᠨᠡᠮᠯᠡᠯ ᠢ ᠭᠥᠯᠢᠶᠡᠨ ᠠᠪᠴᠤ ᠰᠢᠢᠳᠪᠦᠷᠢᠯᠡᠵᠦ᠂ 961 ᠲᠡᠷᠭᠡ ᠶᠢ ᠪᠣᠭᠤᠮᠲᠠ ᠪᠠᠷ ᠥᠩᠭᠡᠷᠡᠭᠦᠯᠪᠡ᠃      ᠭᠤᠷᠪᠠ ᠳᠤ᠂ ᠲᠡᠮᠦᠷ ᠵᠠᠮ ᠤᠨ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠪᠡ᠃ ᠵᠢᠯ ᠤᠨ ᠡᠬᠢᠨ ᠠᠴᠠ ᠡᠬᠢᠯᠡᠨ ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ ᠲᠡᠮᠦᠷ ᠵᠠᠮ ᠤᠨ ᠦᠵᠦᠮᠦᠴᠢᠨ ᠥᠷᠲᠡᠭᠡ ᠠᠴᠠ ᠬᠤᠣᠯᠢᠨ ᠭᠤᠣᠯ ᠬᠦᠷᠬᠦ 305 ᠺᠢᠯᠣᠮᠧᠲᠷ ᠤᠨ ᠲᠡᠮᠦᠷ ᠵᠠᠮ ᠤᠨ ᠲᠡᠭᠡᠭᠡᠪᠦᠷᠢ ᠶᠢᠨ ᠦᠨ᠎ᠡ ᠶᠢ 27%᠎ ᠪᠠᠷ ᠪᠠᠭᠤᠷᠠᠭᠤᠯᠵᠤ᠂ ᠦᠨᠳᠦᠰᠦᠨ ᠲᠡᠭᠡᠭᠡᠪᠦᠷᠢ ᠶᠢᠨ ᠵᠠᠷᠤᠳᠠᠯ ᠢ ᠲᠣᠨ ᠪᠦᠷᠢ ᠳᠤ 62.62 ᠲᠦᠭᠦᠷᠢᠭ ᠪᠠᠶᠢᠭᠰᠠᠨ ᠢ 45.62 ᠲᠥᠭᠦᠷᠢᠭ ᠪᠣᠯᠭᠠᠨ ᠪᠠᠭᠤᠷᠠᠭᠤᠯᠤᠨ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠥᠪᠡᠷ ᠤᠨ ᠥᠷᠲᠡᠭ ᠢ ᠠᠷᠪᠢᠯᠠᠵᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠦᠭᠰᠡᠨ ᠤ ᠬᠠᠮᠲᠤ ᠡᠨᠧᠷᠭᠢ ᠶᠢᠨ ᠬᠤᠷᠣᠭᠳᠠᠯ ᠪᠠ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠵᠤ᠂ ᠵᠠᠰᠠᠮᠠᠯ ᠵᠠᠮ ᠬᠢᠭᠡᠳ ᠲᠡᠮᠦᠷ ᠵᠠᠮ ᠤᠨ ᠲᠡᠭᠡᠭᠡᠪᠦᠷᠢ ᠶᠢᠨ ᠦᠨ᠎ᠡ ᠬᠠᠩᠰᠢ ᠶᠢᠨ ᠵᠥᠷᠢᠶ᠎ᠡ ᠶᠢ ᠪᠦᠲᠦᠮᠵᠢᠲᠡᠶ ᠪᠣᠭᠤᠨᠢᠰᠬᠠᠵᠤ᠂ ᠪᠣᠭᠤᠮᠲᠠ ᠶᠢᠨ ᠨᠡᠭᠦᠷᠡᠰᠦ ᠵᠦᠭᠡᠭᠡᠪᠦᠷᠢᠯᠡᠬᠦ ᠳᠤ ᠬᠥᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号