ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠬᠥᠭᠵᠢᠯᠲᠡ ︽ᠲᠦᠷᠭᠡᠨ ᠵᠠᠮ︾ ᠳᠤ ᠣᠷᠣᠪᠠ
ᠨᠡᠶᠢᠲᠡᠯᠡᠭᠰᠡᠨ ᠴᠠᠭ᠄
2024/10/11
      ᠡᠨᠡ ᠵᠢᠯ ᠠᠴᠠ ᠨᠠᠰᠢ᠂ ᠮᠠᠨ ᠤ ᠬᠤᠰᠢᠭᠤᠨ ᠤ ᠵᠡᠭᠦᠨ ᠬᠠᠲᠠᠪᠴᠢ ᠪᠣᠭᠤᠮᠲᠠ ︽ᠲᠠᠪᠤᠨ ᠶᠡᠭᠡ ᠡᠭᠦᠷᠭᠡ︾ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠤᠨ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠢᠳᠡᠪᠬᠢᠲᠡᠶ ᠰᠦᠪᠡᠭᠴᠢᠯᠡᠨ ᠰᠢᠨ᠎ᠡ ᠶᠢ ᠡᠭᠦᠳᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢ ᠪᠠᠶᠢᠩᠭᠤᠵᠢᠭᠤᠯᠬᠤ᠂ ᠳᠥᠭᠦᠮᠴᠢᠯᠡᠬᠦ ᠪᠠ ᠥᠨᠳᠥᠷ ᠪᠦᠲᠦᠮᠵᠢᠲᠡᠶ ᠪᠣᠯᠭᠠᠬᠤ ᠶᠢ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ 9 ᠰᠠᠷ᠎ᠠ ᠶᠢᠨ 19 ᠤ ᠡᠳᠦᠷ ᠪᠣᠯᠲᠠᠯ᠎ᠠ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 200 ᠲᠦᠮᠡᠨ ᠲᠣᠨ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 23.5% ᠪᠠᠷ ᠨᠡᠮᠡᠭᠳᠡᠪᠡ᠃      ᠨᠢᠭᠡ ᠳᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠦᠢᠯᠡᠴᠢᠯᠡᠭᠡ ᠪᠠ ᠬᠠᠮᠲᠤᠷᠠᠨ ᠪᠠᠶᠢᠴᠠᠭᠠᠨ ᠰᠢᠯᠭᠠᠬᠤ ᠢᠵᠢ  ᠪᠦᠷᠢᠳᠦᠭᠰᠡᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠮᠠᠯ ᠵᠠᠮ ᠤᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠲᠣᠭᠤᠷᠢᠭ ᠵᠢᠴᠢ ᠢᠵᠢ ᠪᠦᠷᠢᠳᠦᠭᠰᠡᠨ ᠪᠠᠶᠢᠴᠠᠭᠠᠨ ᠰᠢᠯᠭᠠᠬᠤ ᠲᠦᠬᠦᠭᠡᠷᠦᠮᠵᠢ᠂ ᠰᠢᠨ᠎ᠡ ᠪᠠᠷᠠᠭᠠᠨ ᠤ ᠲᠡᠭᠡᠭᠡᠪᠦᠷᠢ ᠶᠢᠨ ᠵᠠᠮ᠂ ᠬᠠᠮᠲᠤᠷᠠᠨ ᠪᠠᠶᠢᠴᠠᠭᠠᠬᠤ ᠠᠰᠠᠷ ᠤᠨ         ᠥᠭᠡᠷᠡᠴᠢᠯᠡᠯᠲᠡ᠂ ᠤᠶᠤᠨᠲᠤ ᠪᠣᠭᠤᠮᠲᠠ᠂ ᠪᠠᠷᠠᠭᠠᠨ ᠤ ᠲᠡᠷᠭᠡ ᠶᠢᠨ ᠲᠦᠷ ᠴᠠᠭ ᠣᠷᠣᠯᠠᠨ ᠲᠠᠷᠬᠠᠭᠠᠬᠤ ᠣᠷᠣᠨ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠣᠭᠤᠮᠲᠠ ᠶᠢ ᠤᠯᠠᠮ ᠨᠢᠭᠡ ᠠᠯᠬᠤᠮ ᠰᠢᠯᠤᠭᠤᠳᠬᠠᠨ ᠨᠡᠭᠡᠭᠡᠬᠦ ᠶᠢ ᠳᠠᠭᠠᠯᠳᠤᠨ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠥᠩᠭᠡᠷᠡᠭᠰᠡᠨ ᠵᠢᠯ ᠤᠳ ᠠᠴᠠ ᠶᠡᠭᠡ ᠬᠡᠮᠵᠢᠶ᠎ᠡ ᠪᠠᠷ ᠨᠡᠮᠡᠭᠳᠡᠵᠦ᠂ ᠵᠢᠯ ᠤᠨ ᠪᠣᠭᠤᠮᠲᠠ ᠪᠠᠷ ᠥᠩᠭᠡᠷᠡᠬᠦ ᠴᠢᠳᠠᠪᠤᠷᠢ ᠶᠢ 1000 ᠲᠦᠮᠡᠨ ᠲᠣᠨ ᠳᠤ ᠬᠦᠷᠦᠭᠦᠯᠵᠦ᠂ ᠠᠶᠠᠨᠴᠢᠳ ᠤᠨ ᠪᠣᠭᠤᠮᠲᠠ ᠪᠠᠷ ᠥᠩᠭᠡᠷᠡᠬᠦ ᠴᠢᠳᠠᠪᠤᠷᠢ ᠶᠢ 100 ᠲᠦᠮᠡᠨ ᠬᠥᠮᠦᠨ ᠤᠳᠠᠭ᠎ᠠ ᠳᠤ ᠬᠦᠷᠦᠭᠦᠯᠪᠡ᠃      ᠬᠤᠶᠠᠷ ᠲᠤ᠂ ᠪᠣᠭᠤᠮᠲᠠ ᠪᠠᠷ ᠥᠩᠭᠡᠷᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠬᠢᠨᠠᠨ ᠬᠠᠮᠢᠶᠠᠷᠬᠤ ᠪᠠ ᠦᠢᠯᠡᠴᠢᠯᠡᠬᠦ ᠬᠤᠶᠠᠷ ᠲᠠᠯ᠎ᠠ ᠳᠤ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠠᠯᠬᠤᠮ ᠳᠠᠷᠠᠭᠠᠯᠠᠯ ᠢ ᠴᠠᠭ ᠲᠤᠬᠠᠶ ᠳᠤ ᠨᠢ ᠲᠣᠬᠢᠷᠠᠭᠤᠯᠤᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ︽ᠲᠠᠩ ᠴᠢᠷᠦᠭᠦᠯ ᠲᠡᠷᠭᠡ︾ ᠶᠢ ︽ᠬᠤᠣᠰ ᠴᠢᠷᠦᠭᠦᠯ ᠲᠡᠷᠭᠡ︾ ᠪᠣᠯᠭᠠᠨ ᠥᠭᠡᠷᠡᠴᠢᠯᠡᠬᠦ ᠶᠢ ᠵᠣᠷᠢᠭᠵᠢᠭᠤᠯᠤᠨ ᠳᠡᠮᠵᠢᠵᠦ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠵᠠᠷᠤᠳᠠᠯ ᠢ ᠠᠷᠪᠢᠯᠠᠬᠤ ᠶᠢᠨ ᠬᠠᠮᠲᠤ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠳᠠᠩ ᠲᠡᠷᠭᠡ ᠳᠠᠩ ᠴᠢᠭᠯᠡᠯ ᠤᠨ ᠠᠴᠢᠶᠠᠯᠠᠬᠤ ᠴᠢᠳᠠᠪᠤᠷᠢ ᠶᠢ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠪᠠᠷᠠᠭᠠᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠥᠨᠥᠳᠥᠷ ᠪᠣᠯᠲᠠᠯ᠎ᠠ᠂ ᠨᠡᠶᠢᠲᠡ 400 ᠭᠠᠷᠤᠶ ︽ᠬᠤᠣᠰ ᠴᠢᠷᠦᠭᠦᠯ ᠲᠡᠷᠭᠡ︾  ᠪᠠᠷ᠂ 5.5 ᠲᠦᠮᠡᠨ ᠲᠣᠨ          ᠵᠥᠭᠡᠭᠡᠪᠦᠷᠢᠯᠡᠵᠦ᠂ ︽ᠬᠤᠣᠰ ᠴᠢᠷᠦᠭᠦᠯ ᠲᠡᠷᠭᠡ︾ ᠨᠢ ᠡᠩ ᠤᠨ ᠴᠢᠷᠦᠬᠦᠯ ᠲᠡᠷᠭᠡᠨ ᠤ ᠠᠴᠢᠶᠠᠯᠠᠬᠤ ᠬᠡᠮᠵᠢᠶ᠎ᠡ ᠶᠢᠨ 2 ᠳᠠᠬᠢᠨ ᠭᠠᠷᠤᠶ ᠪᠣᠯᠤᠨ᠎ᠠ᠃      ᠭᠤᠷᠪᠠ ᠳᠤ᠂ ᠮᠣᠩᠭᠤᠯ ᠤᠨ ᠲᠠᠯ᠎ᠠ ᠶᠢᠨ ᠨᠡᠭᠦᠷᠡᠰᠦᠨ ᠠᠭᠤᠷᠬᠠᠢ ᠨᠢ ᠠᠵᠢᠯ ᠦᠢᠯᠡᠳᠪᠦᠷᠢᠯᠡᠯ ᠢᠶᠠᠨ ᠰᠡᠷᠭᠦᠭᠡᠪᠡ᠃ ᡁᠢ ᠱᠧᠩ ᠠᠭᠤᠷᠬᠠᠢ ᠶᠢᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠭᠠᠯᠳᠤᠨ ᠤᠯᠤᠰ ᠤᠨ ᠳᠣᠲᠣᠭᠠᠳᠤ ᠶᠢᠨ ᠨᠡᠭᠦᠷᠡᠰᠦᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠠᠯᠭᠤᠷ ᠢᠶᠠᠷ ᠳᠡᠭᠡᠭᠰᠢᠯᠡᠪᠡ᠃ ᡁᠢ ᠱᠧᠩ ᠨᠡᠭᠦᠷᠡᠰᠦᠨ ᠠᠭᠤᠷᠬᠠᠶ ᠨᠢ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠡᠷᠳᠡᠨᠢᠴᠠᠭᠠᠨ ᠰᠤᠮᠤᠨ ᠳᠤ ᠪᠠᠶᠢᠷᠢᠯᠠᠵᠤ᠂ ᠪᠢᠴᠢᠭᠲᠦ ᠪᠣᠭᠤᠮᠲᠠ ᠠᠴᠠ 40 ᠺᠢᠯᠣᠮᠧᠲᠷ ᠵᠠᠶ ᠲᠠᠢ᠂ ᠲᠣᠰ ᠠᠭᠤᠷᠬᠠᠢ ᠶᠢᠨ ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ᠂ ᠠᠭᠤᠷᠬᠠᠢ ᠶᠢᠨ ᠣᠷᠣᠨ ᠤ ᠲᠠᠯᠠᠪᠠᠢ ᠨᠢ 150000 ᠲᠡᠭᠰᠢ ᠳᠦᠷᠪᠡᠯᠵᠢᠨ ᠮᠧᠲᠷ᠂ ᠬᠠᠳᠠᠭᠠᠯᠠᠭᠳᠠᠴᠠ ᠨᠢ 8500 ᠲᠦᠮᠡᠨ ᠲᠣᠨ᠂ ᠵᠢᠯ ᠤᠨ ᠭᠠᠷᠤᠯᠲᠠ ᠨᠢ 80 ᠲᠦᠮᠡᠨ ᠲᠣᠨ᠂ ᠢᠯᠴᠢ ᠶᠢᠨ ᠬᠡᠮᠵᠢᠭᠳᠡᠯ ᠨᠢ 3200 — 3700 ᠺᠠᠯᠤᠷᠢ᠂ ᠣᠳᠣᠬᠠᠨ ᠳᠤ ᠡᠳᠦᠷ ᠪᠦᠷᠢ 7000 —10000 ᠲᠣᠨ ᠣᠷᠴᠢᠮ ᠲᠡᠭᠡᠭᠡᠪᠦᠷᠢᠯᠡᠵᠦ ᠪᠠᠶᠢᠨ᠎ᠠ᠃ ᠲᠤᠰ ᠠᠭᠤᠷᠬᠠᠢ 8 ᠰᠠᠷ᠎ᠠ ᠶᠢᠨ 27 ᠤ ᠡᠳᠦᠷ ᠠᠵᠢᠯᠯᠠᠭᠠᠨ ᠢᠶᠠᠨ ᠰᠡᠷᠭᠦᠭᠡᠵᠦ᠂ ᠣᠳᠤᠬᠠᠨ ᠳᠤ 5 ᠨᠡᠪᠲᠡᠷᠡᠬᠦ ᠵᠠᠮ ᠲᠠᠢ᠂ 3 ᠬᠢᠨᠠᠨ ᠪᠠᠶᠢᠴᠠᠭᠠᠬᠤ ᠪᠣᠭᠤᠮᠲᠠ ᠲᠠᠢ ᠪᠠᠶᠢᠵᠤ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠬᠦᠭᠡᠷᠦᠮᠵᠢ ᠪᠦᠷᠢᠨ ᠭᠦᠢᠴᠡᠳ ᠪᠠᠶᠢᠵᠤ᠂ ᠣᠲᠣ ᠪᠣᠯᠲᠠᠯ᠎ᠠ ᠨᠡᠭᠦᠷᠡᠰᠦ ᠲᠡᠭᠡᠭᠡᠪᠦᠷᠢᠯᠡᠬᠦ ᠬᠡᠮᠵᠢᠶ᠎ᠡ 5 ᠲᠦᠮᠡᠨ ᠲᠣᠨ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号