ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 66 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ  ᠶᠢᠨ ᠪᠠᠶᠢᠳᠠᠯ ᠢ ᠵᠠᠳᠠᠯᠬᠤ ᠪᠠ ︿︿ᠲᠠᠪᠤᠨ ᠶᠡᠭᠡ ᠡᠭᠦᠷᠭᠡ﹀﹀ ᠵᠢᠴᠢ ︿︿ᠵᠢᠷᠭᠤᠭᠠᠨ ᠢᠨᠵᠧᠨᠧᠷᠢᠩ﹀﹀  ᠤᠨ 2024 ᠣᠨ ᠤ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/12
      9 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦ᠋ᠶ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 66 ᠳ᠋ᠤᠭᠠᠷ ᠤᠳᠠᠭᠠᠨ ᠤ ᠪᠠᠶᠢᠩᠭᠤ ᠶᠢᠨ ᠭᠡᠰᠢᠭᠦᠳ‌‍ᠦᠨ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ  ᠶᠢᠨ ᠪᠠᠶᠢᠳᠠᠯ ᠢ ᠵᠠᠳᠠᠯᠬᠤ ᠪᠠ ︿︿ᠲᠠᠪᠤᠨ ᠶᠡᠭᠡ ᠡᠭᠦᠷᠭᠡ﹀﹀ ᠵᠢᠴᠢ ︿︿ᠵᠢᠷᠭᠤᠭᠠᠨ ᠢᠨᠵᠧᠨᠧᠷᠢᠩ﹀﹀ ᠤᠨ 2024 ᠣᠨ ᠤ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ  ᠃      ᠬᠤᠷᠠᠯ ᠠᠴᠠ ᠪᠥᠬᠦ ᠬᠤᠰᠢᠭᠤᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠵᠢᠴᠢ ᠪᠥᠬᠦ ᠵᠢᠯ ᠤᠨ ᠵᠢᠱᠢᠭᠰᠡᠨ ᠵᠠᠳᠠᠯᠤᠯᠲᠠ ᠶᠢ ᠮᠡᠳᠡᠭᠳᠡᠨ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ ᠶᠢᠨ ᠲᠦᠷᠦᠭᠦᠦ ᠭᠤᠷᠪᠠᠨ ᠤᠯᠠᠷᠢᠯ ᠤᠨ ᠬᠠᠮᠢᠶ᠎ᠠ ᠪᠥᠬᠦᠶ ᠠᠵᠤ ᠠᠬᠤᠶ ᠶᠢᠨ ᠭᠦᠶᠴᠡᠳᠬᠡᠯ ᠲᠤᠭ᠎ᠠ ᠵᠢᠴᠢ ᠭᠤᠤᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠪᠥᠬᠦ  ᠬᠤᠰᠢᠭᠤᠨ ᠤ ︿︿ᠲᠠᠪᠤᠨ ᠶᠡᠭᠡ ᠡᠭᠦᠷᠭᠡ﹀﹀ ᠵᠢᠴᠢ ︿︿ᠵᠢᠷᠭᠤᠭᠠᠨ ᠢᠨᠵᠧᠨᠧᠷᠢᠩ﹀﹀ ᠤᠨ ᠡᠯ᠎ᠡ ᠲᠤᠰᠬᠠᠶ ᠲᠥᠷᠥᠯ ᠤᠨ ᠳᠤᠭᠤᠶᠢᠯᠠᠩ᠂ ᠲᠤᠰᠬᠠᠶ ᠠᠩᠭᠢ ᠶᠢᠨ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃      ᠬᠤᠷᠠᠯ ᠠᠴᠠ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ  ᠪᠠᠨ ᠤᠯᠠᠮ ᠴᠢᠨᠠᠭᠰᠢᠳᠠ ᠨᠢᠭᠡᠳᠬᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠵᠢᠯᠣᠭᠤᠳᠬᠤ ᠴᠢᠨᠠᠷᠲᠠᠶ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠡᠷᠢᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠶ ᠶᠢᠨ ᠲᠣᠭᠲᠠᠭᠤᠨ ᠡᠷᠭᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠶᠢ ᠬᠦᠴᠦᠯᠡᠨ ᠰᠠᠶᠢᠲᠤᠷ ᠠᠳᠬᠤᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠣᠨᠣᠪᠴᠢᠲᠠᠶ ᠰᠢᠶᠳᠪᠦᠷᠢᠯᠡᠵᠦ᠂ ᠡᠯ᠎ᠡ ᠵᠦᠶᠯ  ᠤᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠨᠠᠶᠮᠠᠨ ᠰᠠᠷ᠎ᠠ ᠶᠢᠨ ᠠᠷᠪᠠᠨ᠂ ᠤᠯᠤᠰ ᠤᠨ ᠪᠠᠶᠠᠷ ᠵᠡᠷᠭᠡ ᠴᠢᠬᠤᠯᠠ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠡᠯ᠎ᠡ ᠲᠥᠷᠥᠯ ᠤᠨ ᠬᠡᠷᠡᠭᠯᠡᠭᠡ  ᠶᠢ ᠠᠬᠢᠭᠤᠯᠬᠤ ᠠᠵᠢᠯᠯᠠᠭ᠎ᠠ ᠶᠢ ᠲᠥᠯᠥᠪᠵᠢᠭᠦᠯᠦᠨ ᠬᠡᠷᠡᠭᠵᠢᠭᠦᠯᠵᠦ᠂ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠪᠥᠬᠦ ᠲᠠᠯ᠎ᠠ ᠶᠢᠨ ᠬᠠᠷᠠᠭᠠᠰᠤ ᠠᠴᠠ ︿︿ᠲᠠᠪᠤᠨ ᠶᠡᠭᠡ ᠡᠭᠦᠷᠭᠡ﹀﹀ ᠶᠢ ᠰᠠᠶᠢᠲᠤᠷ ᠪᠡᠶᠡᠯᠡᠭᠦᠯᠬᠦ᠂ ︿︿ᠵᠢᠷᠭᠤᠭᠠᠨ ᠢᠨᠵᠧᠨᠧᠷᠢᠩ﹀﹀ ᠢ ᠪᠣᠳᠠᠲᠠᠶ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠶ ᠵᠠᠳᠠᠯᠤᠨ ᠰᠤᠳᠤᠯᠤᠨ ᠮᠠᠭᠠᠳᠯᠠᠵᠤ᠂ ᠬᠡᠮ ᠰᠣᠭᠤᠭ ᠢ ᠨᠢ ᠲᠣᠳᠣᠷᠬᠠᠶ ᠣᠶᠢᠯᠠᠭᠠᠵᠤ᠂ ᠨᠠᠷᠢᠨ ᠲᠠᠩᠰᠠᠵᠢᠭᠤᠯᠤᠨ ᠬᠠᠮᠢᠶᠠᠷᠴᠤ᠂ ᠨᠠᠷᠢᠨ ᠲᠠᠩᠰᠠᠵᠢᠭᠤᠯᠤᠨ ᠠᠬᠢᠭᠤᠯᠵᠤ᠂ ᠨᠠᠷᠢᠨ ᠲᠠᠩᠰᠠᠵᠢᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠠᠵᠢᠯ ᠢ ᠠᠬᠢᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠡᠮᠬᠢᠯᠡᠨ ᠵᠠᠳᠠᠯᠵᠤ᠂ ᠡᠯ᠎ᠡ ᠵᠦᠶᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号