ᠮᠠᠨ ᠤ ᠬᠤᠰᠢᠭᠤ 2024 ᠣᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠡᠷᠬᠢᠯᠡᠪᠡ
ᠨᠡᠶᠢᠲᠡᠯᠡᠭᠰᠡᠨ ᠴᠠᠭ᠄
2024/10/14
      ᠤᠯᠤᠰ ᠤᠨ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠬᠦ ᠪᠠ ᠵᠢᠷᠤᠮᠵᠢᠭᠤᠯᠤᠨ ᠬᠡᠷᠡᠭᠯᠡᠬᠦ ᠶᠢᠨ ᠲᠥᠯᠥᠭᠡ᠂ 9 ᠰᠠᠷ᠎ᠠ ᠶᠢᠨ 14᠎ ᠤ ᠦᠳᠡ ᠶᠢᠨ ᠡᠮᠦᠨ᠎ᠡ᠂ ᠮᠠᠨ ᠤ ᠬᠤᠰᠢᠭᠤ 27 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠤᠷᠠᠨ ᠤᠩᠰᠢᠯᠭ᠎ᠠ ᠶᠢᠨ ᠤᠷᠤᠯᠳᠤᠭᠠᠨ ᠤ ᠰᠢᠯᠢᠳᠡᠭ ᠲᠣᠭᠯᠠᠯᠲᠠ ᠶᠢᠨ ᠦᠵᠡᠭᠦᠯᠦᠯᠭᠡ ᠶᠢᠨ ᠠᠵᠢᠯᠯᠠᠭ᠎ᠠ ᠶᠢ ᠡᠷᠬᠢᠯᠡᠪᠡ᠃        ᠬᠤᠰᠢᠭᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠎ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ  ᠃      ᠠᠬᠤᠢ ᠲᠠᠯᠠᠪᠠᠶ ᠳᠤ ᠪᠥᠬᠦ ᠬᠤᠰᠢᠭᠤᠨ ᠤ  ︽ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠦᠴᠦᠷᠬᠡᠭ ᠤᠯᠤᠰ ᠤᠨ ᠦᠭᠡ ᠬᠡᠯᠡᠨ ᠤ ᠰᠠᠭᠤᠷᠢ ᠶᠢ ᠪᠠᠲᠤ ᠴᠣᠭᠴᠠᠯᠠᠬᠤ︾ ᠤᠷᠠᠨ ᠤᠩᠰᠢᠯᠭ᠎ᠠ ᠶᠢᠨ ᠤᠷᠤᠯᠳᠤᠭᠠᠨ ᠤ ᠱᠠᠩᠨᠠᠯ ᠤᠯᠭᠤᠬᠤ ᠶᠤᠰᠤᠯᠠᠯ ᠢ ᠶᠠᠪᠤᠭᠳᠠᠭᠤᠯᠵᠤ᠂ ᠤᠷᠤᠯᠳᠤᠭᠠᠨ ᠤ ᠰᠢᠯᠢᠳᠡᠭ ᠪᠦᠲᠦᠭᠡᠯ ᠢ ᠣᠯᠠᠨ ᠳᠤ ᠰᠤᠨᠤᠷᠲᠠᠭᠤᠯᠤᠯ᠎ᠠ᠃ ᠤᠷᠤᠯᠳᠤᠭᠠᠨ ᠳᠤ ᠣᠷᠣᠯᠴᠠᠭᠰᠠᠳ ᠣᠷᠭᠢᠯᠤᠮ᠎ᠠ ᠰᠡᠳᠬᠢᠯᠭᠡ ᠪᠠᠷ ᠤᠯᠤᠰ ᠣᠷᠣᠨ ᠎ ᠳᠠᠭᠠᠨ ᠬᠠᠯᠠᠭᠤᠨ ᠬᠠᠶᠢᠷ᠎ᠠ ᠪᠠᠨ ᠳᠡᠪᠰᠢᠭᠦᠯᠦᠯ᠎ᠡ᠃      ᠣᠶᠢᠯᠠᠭᠠᠭᠰᠠᠨ ᠢᠶᠠᠷ᠂ 1998 ᠣᠨ ᠠᠴᠠ ᠡᠬᠢᠯᠡᠨ᠂ ᠵᠢᠯ ᠪᠦᠷᠢ ᠶᠢᠨ 9 ᠰᠠᠷ᠎ᠠ ᠶᠢᠨ 3 ᠳ᠋ᠤᠭᠠᠷ ᠭᠠᠷᠠᠭ ᠪᠣᠯ ᠪᠥᠬᠦ ᠤᠯᠤᠰ ᠲᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠪᠣᠯᠤᠨ᠎ᠠ᠂ ᠥᠭᠡᠷ᠎ᠡ ᠪᠠᠷ ᠬᠡᠯᠡᠪᠡᠯ ᠪᠥᠬᠦ ᠤᠯᠤᠰ ᠲᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠭᠠᠷᠠᠭ ᠪᠣᠯᠤᠨ᠎ᠠ᠃ ᠡᠨᠡ ᠵᠢᠯ ᠤᠨ 9 ᠰᠠᠷ᠎ᠠ ᠎ ᠶᠢᠨ 16᠎ ᠤ ᠡᠳᠦᠷ ᠠᠴᠠ 9 ᠰᠠᠷ᠎ᠠ ᠶᠢᠨ 22᠎ ᠤᠨ ᠡᠳᠦᠷ  ᠪᠣᠯ 27 ᠳ᠋ᠤᠭᠠᠷ ᠬᠤᠭᠤᠴᠠᠭᠠᠨ ᠤ ᠪᠥᠬᠦ ᠤᠯᠤᠰ ᠎ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠪᠣᠯᠤᠨ᠎ᠠ᠃ ᠲᠤᠰ ᠬᠤᠭᠤᠴᠠᠭᠠᠨ ᠤ ᠠᠵᠢᠯᠯᠠᠭ᠎ᠠ ᠨᠢ ︿︿ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠬᠦᠴᠦᠷᠬᠡᠭ ᠤᠯᠤᠰ ᠤᠨ ᠦᠭᠡ ᠬᠡᠯᠡᠨ ᠤ ᠰᠠᠭᠤᠷᠢ ᠶᠢ ᠪᠠᠬᠢᠵᠢᠭᠦᠯᠬᠦ﹀﹀᠎ ᠪᠠᠷ ᠭᠤᠣᠯ ᠰᠡᠳᠦᠪ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠠᠷ ᠵᠣᠷᠢᠯᠲᠠ ᠪᠣᠯᠭᠠᠪᠠ᠃ ᠵᠡᠭᠦᠨ ᠦᠵᠦᠮᠦᠴᠢᠨ ᠬᠤᠰᠢᠭᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠᠷ ᠭᠤᠣᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠡᠶᠢᠲᠡᠯᠢᠭ ᠬᠡᠯᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠬᠦᠴᠦᠷᠬᠡᠭ ᠤᠯᠤᠰ ᠤᠨ ᠦᠭᠡ ᠬᠡᠯᠡᠨ ᠤ ᠰᠠᠭᠤᠷᠢ ᠶᠢ ᠪᠠᠬᠢᠵᠢᠭᠦᠯᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号