9 ᠰᠠᠷ᠎ᠠ ᠶᠢᠨ 19 ᠤ ᠡᠳᠦᠷ ᠂ ᠵᠡᠭᠦᠨ ᠬᠠᠲᠠᠪᠴᠢ ᠪᠣᠭᠤᠮᠲᠠ ᠶᠢᠨ ᠨᠢᠭᠡ ᠡᠳᠦᠷ ᠤᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 31000 ᠲᠣᠨ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠣᠳᠣᠬᠠᠨ ᠪᠣᠯᠲᠠᠯ᠎ᠠ᠂ 2024 ᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ | 193.43 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10 . 78 % ᠪᠠᠷ ᠨᠡᠮᠡᠭᠳᠡᠵᠦ᠂ | ᠪᠠᠰᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠵᠡᠭᠦᠨ ᠬᠠᠲᠠᠪᠴᠢ ᠪᠣᠭᠤᠮᠲᠠ ᠳᠤ᠂ ᠪᠠᠷᠠᠭ᠎ᠠ ᠲᠡᠭᠡᠭᠡᠭᠰᠡᠨ ᠲᠡᠷᠭᠡ ᠬᠥᠰᠬᠡ ᠡᠮᠬᠢ ᠵᠢᠷᠤᠮ ᠲᠠᠢ ᠪᠠᠷ ᠣᠷᠣᠵᠤ | ᠭᠠᠷᠴᠣ᠂ ᠠᠵᠢᠯᠲᠠᠳ ᠪᠠᠶᠢᠴᠠᠭᠠᠨ ᠰᠢᠯᠭᠠᠬᠤ ᠠᠵᠢᠯ ᠳᠤ ᠶᠠᠭᠠᠷᠠᠯᠳᠣᠨ᠎ᠠ᠃ ᠵᠡᠭᠦᠨ ᠬᠠᠲᠠᠪᠴᠢ ᠪᠣᠭᠤᠮᠲᠠ ᠨᠢ | ᠭᠠᠳᠠᠭᠠᠳᠤ ᠠᠷᠠᠯᠵᠢᠶᠠᠨ ᠤ ᠴᠢᠬᠤᠯᠠ ᠵᠠᠮ ᠪᠣᠯᠤᠭᠰᠠᠨ ᠤ ᠬᠤᠪᠢ ᠳᠤ᠂ ᠲᠤᠰ ᠤᠳᠠᠭᠠᠨ ᠤ ᠨᠢᠭᠡ ᠡᠳᠦᠷ ᠤᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠨᠢ ᠵᠡᠭᠦᠨ ᠬᠠᠲᠠᠪᠴᠢ | ᠪᠣᠭᠤᠮᠲᠠ ᠶᠢᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠭᠠᠳᠠᠭᠠᠳᠤ ᠯᠤᠭ᠎ᠠ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠲᠠᠯ᠎ᠠ ᠪᠠᠷ ᠨᠡᠩ ᠯᠠᠪᠳᠠᠭᠤᠨ ᠪᠠᠲᠤᠲᠠᠢ ᠠᠯᠬᠤᠮ ᠢ ᠠᠯᠬᠤᠭᠰᠠᠨ | ᠢ ᠬᠠᠷᠠᠭᠤᠯᠵᠤ ᠪᠠᠶᠢᠨ᠎ᠠ᠃ | ᠣᠶᠢᠷ᠎ᠠ ᠶᠢᠨ ᠵᠢᠯ ᠳᠤ᠂ ᠵᠡᠭᠦᠨ ᠬᠠᠲᠠᠪᠴᠢ ᠪᠣᠭᠤᠮᠲᠠ ᠨᠢ ᠤᠯᠤᠰ ᠤᠨ ᠬᠢᠯᠢ ᠳᠠᠭᠠᠤ ᠨᠡᠭᠡᠭᠡᠯᠲᠡ ᠬᠢᠬᠦ ᠪᠠ | ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ | ᠴᠢᠩᠭ᠎ᠠ ᠠᠳᠬᠤᠵᠤ᠂ ︿︿ᠲᠠᠪᠤᠨ ᠶᠡᠭᠡ ᠡᠭᠦᠷᠭᠡ﹀﹀ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠪᠣᠭᠤᠮᠲᠠ ᠶᠢᠨ | ᠰᠠᠭᠤᠷᠢ ᠳᠥᠬᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠲᠡᠭᠦᠯᠳᠡᠷᠵᠢᠭᠦᠯᠦᠨ᠂ ᠪᠣᠭᠤᠮᠲᠠ ᠶᠢᠨ | ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠭᠦᠯᠬᠦ | ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠠᠵᠤ ᠠᠬᠤᠶᠢᠯᠠᠯ ᠢ ᠢᠳᠡᠪᠬᠢᠲᠡᠢ ᠵᠣᠬᠢᠴᠠᠭᠤᠯᠵᠤ᠂ ᠪᠣᠭᠤᠮᠲᠠ ᠥᠩᠭᠡᠷᠡᠬᠦ ᠶᠠᠪᠤᠴᠠ ᠳᠠᠬᠢ ᠬᠦᠴᠢᠷᠳᠡᠯ ᠪᠠ | ᠲᠦᠭᠵᠢᠷᠡᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠵᠡᠭᠦᠨ ᠬᠠᠲᠠᠪᠴᠢ ᠪᠣᠭᠤᠮᠲᠠ ᠶᠢᠨ | ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠦᠭᠡᠢ ᠰᠢᠨ᠎ᠡ ᠲᠡᠮᠳᠡᠭᠯᠡᠯ ᠢ ᠡᠭᠦᠳᠪᠡ ᠃ | ᠲᠠᠷᠠᠭᠠᠴᠢ ᠶᠢᠨ ᠠᠯᠬᠤᠮ ᠳᠤ᠂ ᠵᠡᠭᠦᠨ ᠬᠠᠳᠠᠪᠴᠢ ᠪᠣᠭᠤᠮᠲᠠ ᠡᠯ᠎ᠡ ᠲᠠᠯ᠎ᠠ ᠶᠢᠨ ᠡᠬᠢ ᠪᠠᠶᠠᠯᠢᠭ ᠢ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠬᠥᠭᠵᠢᠯᠲᠡ ᠶᠢᠨ ᠶᠠᠰᠤ ᠴᠢᠨᠠᠷ | ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠵᠡᠭᠦᠨ ᠦᠵᠦᠮᠦᠴᠢᠨ | ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠢ ᠴᠣᠭᠴᠠᠯᠠᠬᠤ ᠳᠤ ᠬᠦᠴᠦᠨ | ᠴᠢᠳᠠᠯ ᠢᠶᠠᠨ ᠡᠷᠭᠦᠬᠦ ᠪᠣᠯᠣᠨ᠎ᠠ᠃ |