2024 ᠣᠨ ᠤ 9 ᠰᠠᠷ᠎ᠠ ᠳᠤ ᠵᠡᠭᠦᠨ ᠬᠠᠲᠠᠪᠴᠢ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ
ᠨᠡᠶᠢᠲᠡᠯᠡᠭᠰᠡᠨ ᠴᠠᠭ᠄
2024/10/18
      9 ᠰᠠᠷ᠎ᠠ ᠳᠤ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠨᠡᠶᠢᠲᠡ 42.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ          24.18%᠎ ᠪᠠᠷ ᠨᠡᠮᠡᠭᠳᠡᠨ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 41.68 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.41%᠎ ᠪᠠᠷ ᠨᠡᠮᠡᠭᠳᠡᠪᠡ᠃ ᠭᠠᠳᠠᠭᠠᠳᠤ ᠳᠤ ᠭᠠᠷᠭᠠᠭᠰᠠᠨ ᠪᠠᠷᠠᠭ᠎ᠠ 0.42 ᠲᠦ᠋ᠮᠡᠨ ᠲᠤᠨ᠃ ᠠᠳᠠᠯᠢ ᠬᠤᠭᠤᠴᠠᠭᠠᠨ ᠤ ᠠᠴᠠ 5.12%᠎ ᠢᠶᠠᠷ ᠨᠡᠮᠡᠭᠳᠡᠭᠰᠡᠨ ᠪᠠᠶᠢᠨ᠎ᠠ᠃      ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ ᠶᠢᠨ ᠬᠥᠮᠦᠰ 9414 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.05%᠎ ᠪᠠᠷ ᠨᠡᠮᠡᠭᠳᠡᠪᠡ᠃ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ ᠶᠢᠨ ᠠᠵᠢᠯᠲᠠᠨ 4704 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.09 %᠎ ᠪᠠᠷ ᠨᠡᠮᠡᠭᠳᠡᠪᠡ᠃ ᠬᠢᠯᠢ ᠠᠴᠠ  ᠭᠠᠷᠤᠭᠰᠠᠨ ᠪᠠᠷᠠᠭᠠᠨ ᠤ ᠲᠡᠷᠭᠡ 4710 ᠬᠥᠮᠦᠨ ᠤᠳᠠᠭ᠎ᠠ᠃ ᠠᠳᠠᠯᠢ ᠬᠤᠭᠤᠴᠠᠭᠠᠨ ᠠᠴᠠ 5.01 ᠨᠡᠮᠡᠭᠳᠡᠭᠰᠡᠨ ᠪᠠᠶᠢᠨ᠎ᠠ᠃      ᠬᠢᠯᠢ ᠪᠠᠷ ᠣᠷᠣᠵᠤ ᠭᠠᠷᠤᠭᠰᠠᠨ ᠫᠠᠰᠫᠤᠷᠲ ᠲᠠᠢ ᠠᠶᠠᠨᠴᠢᠳ 3149 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 62.38%᠎ ᠪᠠᠷ ᠨᠡᠮᠡᠭᠳᠡᠵᠡᠶ᠂ ᠡᠭᠦᠨ ᠳᠤ ᠬᠢᠯᠢ ᠪᠠᠷ ᠤᠷᠤᠵᠤ ᠢᠷᠡᠭᠰᠡᠨ ᠠᠶᠠᠨᠴᠢᠳ 1570 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.31%᠎ ᠪᠠᠷ ᠨᠡᠮᠡᠭᠳᠡᠨ᠂ ᠬᠢᠯᠢ ᠠᠴᠠ ᠭᠠᠷᠤᠭᠰᠠᠨ ᠠᠶᠠᠨᠴᠢᠳ 1579 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 67.44%᠎ ᠪᠠᠷ ᠨᠡᠮᠡᠭᠳᠡᠪᠡ᠃      ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ 9414 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.05%᠎ ᠪᠠᠷ ᠨᠡᠮᠡᠭᠳᠡᠪᠡ᠃ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ 4704 ᠤᠳᠠᠭ᠎ᠠ᠂ ᠠᠳᠠᠯᠢ ᠬᠤᠭᠤᠴᠠᠭᠠᠨ ᠤ ᠬᠢ ᠠᠴᠠ 1.09%᠎ ᠪᠠᠷ ᠨᠡᠮᠡᠭᠳᠡᠪᠡ᠃ ᠬᠢᠯᠢ ᠠᠴᠠ ᠭᠠᠷᠤᠭᠰᠠᠨ ᠪᠠᠷᠠᠭᠠᠨ ᠤ ᠲᠡᠷᠭᠡ 4710 ᠤᠳᠠᠭ᠎ᠠ᠃ ᠠᠳᠠᠯᠢ ᠬᠤᠭᠤᠴᠠᠭᠠᠨ ᠠᠴᠠ 5.01 ᠨᠡᠮᠡᠭᠳᠡᠭᠰᠡᠨ ᠪᠠᠶᠢᠨ᠎ᠠ᠃      ᠣᠳᠣᠬᠠᠨ ᠳᠤ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠᠷᠠᠭ᠎ᠠ ᠳᠤ ᠨᠡᠭᠦᠷᠡᠰᠦ᠂ ᠲᠡᠮᠦᠷ ᠤᠨ ᠨᠠᠷᠢᠯᠢᠭ ᠨᠤᠨᠲᠠᠭ᠂ ᠬᠠᠶᠢᠯᠤᠭᠤᠷ ᠵᠣᠩᠰᠢ᠂ ᠲᠡᠮᠦᠷ ᠤᠨ ᠬᠦᠳᠡᠷ᠂ ᠴᠠᠶᠢᠷ ᠤᠨ ᠨᠠᠷᠢᠯᠢᠭ ᠬᠦᠳᠡᠷ ᠵᠡᠷᠭᠡ ᠶᠡᠭᠡ ᠬᠡᠮᠵᠢᠶᠡᠨ ᠤ ᠪᠠᠷᠠᠭ᠎ᠠ ᠪᠠᠷ ᠭᠤᠣᠯ ᠪᠣᠯᠭᠠᠵᠤ᠂ ᠭᠠᠳᠠᠭᠠᠳᠤ ᠳᠤ ᠭᠠᠷᠭᠠᠬᠤ ᠪᠠᠷᠠᠭ᠎ᠠ ᠳᠤ ᠲᠣᠨᠤᠭ ᠲᠥᠬᠦᠭᠡᠷᠦᠮᠵᠢ᠂ ᠡᠯᠳᠡᠪ ᠪᠠᠷᠠᠭ᠎ᠠ᠂ ᠪᠠᠷᠢᠯᠭ᠎ᠠ ᠶᠢᠨ ᠮᠠᠲ᠋ᠧᠷᠢᠶᠠᠯ ᠢᠶᠠᠷ ᠭᠤᠣᠯ ᠪᠣᠯᠭᠠᠵᠤ ᠪᠠᠶᠢᠨ᠎ᠠ᠃ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ ᠪᠣᠭᠤᠮᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠪᠠ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠠ᠂ ᠰᠢᠨ᠎ᠡ ᠨᠡᠪᠲᠡᠷᠡᠬᠦ ᠵᠠᠮ ᠤᠨ ᠳᠦᠭᠦᠷᠡᠩ ᠠᠴᠢᠶ᠎ᠠ ᠠᠴᠢᠬᠤ ᠠᠵᠢᠯᠯᠠᠭᠠᠨ ᠢ ᠦᠨᠡᠨᠬᠦ ᠪᠠᠲᠤᠯᠠᠵᠤ᠂ ᠨᠡᠭᠦᠷᠡᠰᠦ᠂ ᠲᠡᠮᠦᠷ᠂ ᠴᠠᠶᠢᠷ᠂ ᠬᠠᠶᠢᠯᠤᠭᠤᠷ ᠵᠣᠩᠰᠢ ᠵᠡᠷᠭᠡ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠬᠡᠮᠵᠢᠶ᠎ᠡ ᠪᠠᠨ ᠦᠷᠭᠦᠯᠵᠢᠯᠡᠨ ᠥᠷᠭᠡᠳᠬᠡᠬᠦ ᠵᠡᠷᠭᠡ ᠬᠦᠴᠦᠨ ᠵᠦᠢᠯ ᠤᠨ ᠨᠥᠯᠥᠭᠡ ᠪᠠᠷ 9 ᠳ᠋ᠦ᠋ᠭᠡᠷ ᠰᠠᠷ᠎ᠠ ᠳᠤ ᠲᠡᠭᠡᠭᠡᠪᠦᠷᠢ ᠶᠢᠨ ᠬᠡᠮᠵᠢᠶ᠎ᠡ ᠳᠡᠭᠡᠭᠰᠢᠯᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号