︽ᠮᠢᠩᠭᠠᠨ ᠭᠠᠵᠠᠷ ᠤᠨ ᠬᠢᠯᠢ᠂ ᠳᠥᠷᠪᠡᠨ ᠴᠠᠭ ᠤᠨ ᠦᠵᠦᠮᠦᠴᠢᠨ︾ ᠥᠪᠥᠷ ᠮᠣᠩᠭᠤᠯ ᠤᠨ ᠵᠣᠬᠢᠶᠠᠯ ᠤᠨ ᠳᠠᠭᠤᠤ ᠶᠢᠨ ᠵᠢᠭᠰᠠᠭᠠᠯᠲᠠ ᠶᠢᠨ ᠱᠠᠩᠨᠠᠯ ᠣᠯᠭᠤᠬᠤ ᠶᠣᠰᠣᠯᠠᠯ ᠢ ᠮᠠᠨ ᠤ ᠬᠤᠰᠢᠭᠤᠨ ᠳᠤ ᠰᠢᠩᠭᠡᠭᠡᠨ ᠦᠢᠯᠡᠳᠪᠡ
ᠨᠡᠶᠢᠲᠡᠯᠡᠭᠰᠡᠨ ᠴᠠᠭ᠄
2024/10/21
      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠬᠦᠷᠴᠦ ᠢᠷᠡᠬᠦ ᠲᠠᠰᠢᠷᠠᠮ ᠢᠶᠠᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︿︿ᠬᠤᠶᠠᠷ ᠶᠡᠭᠡ ᠶᠠᠪᠤᠳᠠᠯ﹀﹀᠎ ᠢ ᠰᠠᠶᠢᠲᠤᠷ ᠬᠢᠵᠦ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠪᠤᠢ ᠪᠣᠯᠭᠠᠬᠤ ᠶᠢᠨ ᠲᠥᠯᠦᠭᠡ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠠ ᠮᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠷᠠᠳᠢᠣ᠋ ᠨᠡᠪᠲᠡᠷᠡᠭᠦᠯᠭᠡ ᠦᠢᠯᠡᠳᠦᠨ ᠳᠠᠮᠵᠢᠭᠤᠯᠬᠤ ᠲᠥᠪ ᠠᠴᠠ ᠳᠠᠭᠠᠭᠠᠴᠢᠯᠠᠨ ᠡᠷᠭᠢᠯᠡᠭᠰᠡᠨ ︿︿ᠮᠢᠩᠭᠠᠨ ᠭᠠᠵᠠᠷ ᠤᠨ ᠬᠢᠯᠢ᠂ ᠳᠥᠷᠪᠡᠨ ᠴᠠᠭ ᠤᠨ ᠦᠵᠦᠮᠦᠴᠢᠨ﹀﹀ ᠥᠪᠥᠷ ᠮᠣᠩᠭᠤᠯ ᠤᠨ ᠵᠣᠬᠢᠶᠠᠯ ᠤᠨ ᠳᠠᠭᠤᠤ ᠶᠢᠨ ᠵᠢᠭᠰᠠᠭᠠᠯᠲᠠ ᠶᠢᠨ ᠱᠠᠩᠨᠠᠯ ᠣᠯᠭᠤᠬᠤ  ᠶᠤᠰᠤᠯᠠᠯ ᠢ 9 ᠰᠠᠷ᠎ᠠ ᠶᠢᠨ 21 ᠎ ᠤ ᠣᠷᠣᠢ ᠮᠠᠨ ᠤ ᠬᠤᠰᠢᠭᠤᠨ ᠳᠤ ᠰᠢᠩᠭᠡᠭᠡᠨ ᠦᠢᠯᠡᠳᠦᠭᠰᠡᠨ ᠪᠠᠶᠢᠨ᠎ᠠ᠃        ᠱᠠᠩᠨᠠᠯ ᠣᠯᠭᠤᠬᠤ ᠶᠣᠰᠤᠯᠠᠯ ᠢ10 ᠰᠠᠷ᠎ᠠ ᠳᠤ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠦᠪᠦᠷ ᠮᠤᠩᠭᠤᠯ ᠤᠨ ᠮᠣᠩᠭᠤᠯ ᠣᠳᠣᠨ ᠲᠧᠯᠸᠢᠰ᠂ ᠳᠡᠭᠦᠯᠢᠯᠲᠡ ᠵᠠᠭᠤᠴᠢᠯᠠᠭᠤᠷ ᠵᠡᠷᠭᠡ ᠮᠡᠳᠡᠭᠡ ᠵᠠᠭᠤᠴᠢᠯᠠᠭᠤᠷ ᠢᠶᠠᠷ ᠨᠡᠪᠲᠡᠷᠡᠭᠦᠯᠬᠦ ᠪᠤᠯᠤᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠵᠣᠬᠢᠶᠠᠯ ᠤᠨ ᠳᠠᠭᠤᠤ ᠶᠢᠨ ᠵᠢᠭᠰᠠᠭᠠᠯᠲᠠ ᠪᠣᠯ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠷᠠᠳᠢᠣ᠋ ᠨᠡᠪᠲᠡᠷᠡᠭᠦᠯᠭᠡ ᠦᠢᠯᠡᠳᠦᠨ ᠳᠠᠮᠵᠢᠭᠤᠯᠬᠤ ᠲᠥᠪ ᠪᠣᠯᠤᠨ ᠥᠪᠥᠷ ᠮᠣᠩᠭᠤᠯ ᠤᠨ ᠳᠠᠭᠤᠤ ᠬᠥᠭᠵᠢᠮᠴᠢᠳ ᠤᠨ ᠨᠡᠶᠢᠭᠡᠮᠯᠢᠭ 2008 ᠣᠨ ᠳᠤ ᠬᠠᠮᠲᠤᠷᠠᠨ ᠡᠷᠭᠢᠯᠡᠭᠰᠡᠨ ᠥᠪᠥᠷ ᠮᠣᠩᠭᠤᠯ ᠣᠷᠣᠨ ᠤ ᠮᠣᠩᠭᠤᠯ ᠬᠡᠯᠡᠨ ᠤ ᠵᠤᠬᠢᠶᠠᠯ ᠤᠨ ᠳᠠᠭᠤᠤ ᠶᠢᠨ  ᠤᠷᠤᠯᠳᠤᠭᠠᠨ ᠪᠣᠯᠬᠤ ᠪᠥᠭᠡᠳ 2018 ᠣᠨ ᠠᠴᠠ ᠡᠬᠢᠯᠡᠨ᠂ ᠵᠢᠯ ᠪᠦᠷᠢ ᠡᠯ᠎ᠡ ᠰᠠᠷ᠎ᠠ ᠶᠢᠨ ᠮᠠᠩᠯᠠᠶ ᠳᠤ ᠰᠣᠨᠣᠰᠣᠭᠴᠢᠳ ᠠᠴᠠ ᠪᠢᠯᠧᠲ ᠥᠭᠴᠦ ᠣᠨ ᠤ ᠮᠠᠩᠯᠠᠶ ᠳᠠᠭᠤᠤ ᠶᠢ ᠰᠢᠯᠭᠠᠷᠠᠭᠤᠯᠬᠤ ᠪᠠᠷ ᠳᠡᠮᠵᠢᠨ ᠥᠪᠥᠷ ᠮᠣᠩᠭᠤᠯ ᠤᠨ ᠵᠣᠬᠢᠶᠠᠯ ᠤᠨ ᠳᠠᠭᠤᠤ ᠶᠢᠨ ᠵᠢᠭᠰᠠᠭᠠᠯᠲᠠ ᠎ ᠶᠢᠨ ᠱᠠᠩᠨᠠᠯ ᠣᠯᠭᠤᠬᠤ ᠶᠣᠰᠣᠯᠠᠯ ᠶᠠᠪᠤᠭᠤᠯᠳᠠᠭ᠃ ᠡᠲᠡᠭᠡᠷ ᠵᠣᠬᠢᠶᠠᠯ ᠤᠨ ᠳᠠᠭᠤᠤ ᠨᠢ ᠴᠥᠮ ᠤᠮᠠᠷᠠᠲᠤ ᠬᠢᠯᠢ ᠶᠢᠨ ᠥᠪᠡᠷᠮᠢᠴᠡ ᠰᠣᠶᠣᠯ ᠢ ᠢᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ  ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠵᠠᠮ ᠢᠶᠠᠷ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠵᠤ᠂ ᠴᠠᠭ ᠦᠶ᠎ᠡ ᠶᠢᠨ ᠬᠦᠴᠦᠷᠬᠡᠭ ᠲᠠᠭᠤᠨ ᠢ ᠳᠠᠮᠵᠢᠭᠤᠯᠵᠤ᠂ ᠥᠪᠥᠷ ᠮᠣᠩᠭᠤᠯ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠶᠤᠮ  ᠃      ᠣᠶᠢᠷ᠎ᠠ ᠶᠢᠨ ᠵᠢᠯ ᠠᠴᠠ ᠨᠠᠰᠢ᠂ ︿︿ᠮᠢᠩᠭᠠᠨ ᠭᠠᠵᠠᠷ ᠤᠨ ᠬᠢᠯᠢ᠂ ᠳᠥᠷᠪᠡᠨ ᠴᠠᠭ ᠤᠨ ᠦᠵᠦᠮᠦᠴᠢᠨ﹀﹀ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠪᠥᠬᠦ ᠲᠠᠯ᠎ᠠ ᠪᠠᠷ ᠡᠭᠦᠳᠬᠦ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤ ᠡᠬᠡ ᠤᠯᠤᠰ ᠤᠨ ᠤᠮᠠᠷᠠᠲᠤ ᠬᠢᠯᠢ ᠶᠢᠨ ᠵᠠᠩ ᠵᠠᠩᠰᠢᠯ ᠪᠠ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠳᠠᠪᠠᠭᠤᠯᠢᠭ ᠲᠠᠭᠠᠨ ᠲᠦᠰᠢᠭᠯᠡᠨ᠂ ︿︿ᠳᠥᠷᠪᠡᠨ  ᠴᠠᠭ ᠤᠨ ᠦᠵᠦᠮᠦᠴᠢᠨ ᠰᠣᠶᠣᠯ ᠵᠢᠭᠤᠯᠴᠢᠯᠠᠯ ᠤᠨ ᠨᠠᠶᠢᠷ﹀﹀᠂ ᠠᠳᠤᠭᠤᠨ ᠰᠣᠶᠣᠯ ᠤᠨ ᠨᠠᠶᠢᠷ ᠵᠡᠷᠭᠡ ᠲᠠᠯ᠎ᠠ ᠨᠤᠲᠤᠭ ᠤᠨ ᠰᠣᠶᠣᠯ ᠤᠨ ᠰᠢᠷᠢᠰ ᠠᠵᠢᠯᠯᠠᠭ᠎ᠠ ᠶᠢ ᠵᠠᠯᠭᠠᠭ᠎ᠠ ᠪᠠᠷ ᠡᠷᠭᠢᠯᠡᠭᠰᠡᠨ ᠪᠥᠭᠡᠳ ᠢᠨᠲ᠋ᠧᠷ ᠰᠦᠯᠵᠢᠶ᠎ᠡ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠵᠡᠷᠭᠡ ᠲᠠᠪᠴᠠᠩ ᠢ ᠭᠦᠶᠴᠡᠳ ᠠᠰᠢᠭᠯᠠᠨ᠂ ᠰᠣᠶᠣᠯ ᠵᠢᠭᠤᠯᠴᠢᠯᠠᠯ ᠤᠨ  ᠦᠢᠯᠡᠰ ᠢ ᠢᠳᠡᠪᠬᠢᠲᠡᠢ ᠬᠥᠭᠵᠢᠭᠦᠯᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号