ᠮᠠᠨ ᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠠᠪᠤᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/21
      9 ᠰᠠᠷ᠎ᠠ ᠶᠢᠨ 20᠎ ᠤ ᠡᠳᠦᠷ᠂ ᠮᠠᠨ ᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠲᠠᠪᠤᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠬᠤᠷᠠᠯ ᠬᠤᠷᠠᠯᠳᠤᠪᠠ᠃      ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠥᠷᠪᠡᠳᠦᠭᠡᠷ ᠬᠤᠭᠤᠴᠠᠭᠠᠨ ᠤ ᠪᠦᠬᠦ ᠭᠡᠰᠢᠭᠦᠳ ᠤᠨ ᠠᠵᠢᠯ ᠤᠨ ᠮᠡᠳᠡᠭᠦᠯᠦᠯᠲᠡ ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠳᠦᠷᠢᠮ ᠢ ᠬᠢᠨᠠᠨ ᠵᠥᠪᠯᠡᠵᠦ ᠪᠠᠲᠤᠯᠠᠨ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠢ ᠰᠣᠩᠭᠤᠨ ᠭᠠᠷᠭᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠮᠣᠷᠠᠯ ᠤᠷᠠᠯᠢᠭ ᠢ ᠬᠤᠣᠰᠯᠠᠭᠤᠯᠬᠤ ᠶᠢ ᠨᠠᠰᠤᠨ ᠲᠤᠷᠰᠢᠳᠠ ᠶᠢᠨ ᠬᠥᠭᠡᠭᠡᠴᠡᠯᠳᠦᠯ ᠢᠶᠠᠨ ᠪᠣᠯᠭᠠᠵᠤ᠂ ᠴᠠᠭ ᠦᠶ᠎ᠡ ᠶᠢᠨ ᠰᠤᠳᠠᠰᠤ ᠶᠢ ᠴᠢᠩᠭ᠎ᠠ ᠡᠵᠡᠮᠳᠡᠵᠦ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠰᠤᠷᠲᠠᠯ ᠲᠥᠪ ᠰᠤᠷᠲᠠᠯ ᠢ ᠲᠤᠰᠬᠠᠵᠤ᠂ ᠤᠮᠠᠷᠠᠲᠤ ᠬᠢᠯᠢ ᠎ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠵᠤ᠂ ᠵᠣᠭᠰᠣᠴᠠ ᠥᠨᠳᠥᠷ᠂ ᠬᠠᠷᠠᠴᠠ ᠬᠤᠯᠠ᠂ ᠬᠦᠯᠢᠶᠡᠨ ᠠᠪᠤᠭᠴᠢᠳ ᠥᠷᠭᠡᠨ ᠳᠡᠯᠭᠡᠷ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠴᠢᠨᠠᠷ ᠰᠠᠶᠢᠲᠠᠢ ᠵᠣᠬᠢᠶᠠᠨ ᠪᠦᠲᠦᠭᠡᠵᠦ᠂ ᠭᠤᠣᠯ ᠬᠦᠭ ᠠᠶᠠᠰ ᠢ ᠴᠢᠪᠬᠠᠳᠠᠵᠤ᠂ ᠢᠳᠡᠪᠬᠢ ᠬᠦᠴᠦᠨ ᠢ ᠳᠠᠮᠵᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ ᠭᠡᠪᠡ᠃      ᠡᠨᠡ ᠬᠤᠭᠤᠴᠠᠭᠠᠨ ᠳᠤ ᠪᠠᠰᠠ ︿︿ᠵᠡᠭᠦᠨ ᠦᠵᠦᠮᠦᠴᠢᠨ ᠬᠤᠰᠢᠭᠤᠨ ᠤ ᠰᠢᠯᠢᠳᠡᠭ ᠤᠳᠬ᠎ᠠ ᠤᠷᠠᠯᠢᠭ ᠤᠨ ᠠᠵᠢᠯᠲᠠᠳ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ﹀﹀᠎ ᠢ ᠤᠩᠰᠢᠨ ᠨᠡᠶᠢᠲᠡᠯᠡᠭᠰᠡᠨ ᠪᠥᠭᠡᠳ ᠲᠤᠬᠠᠢ ᠶᠢᠨ ᠲᠠᠯᠠᠪᠠᠢ ᠳᠤ ᠬᠥᠬᠢᠭᠦᠯᠦᠨ ᠰᠠᠶᠢᠰᠢᠶᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号