ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/21
      ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠠᠶᠢᠴᠠᠭᠠᠬᠤ ᠬᠤᠷᠢᠶᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 25᠎ ᠤ ᠡᠳᠦᠷ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠰᠣᠨᠢᠨ ᠮᠡᠳᠡᠭᠡᠨ ᠤ ᠥᠭᠦᠯᠡᠭᠴᠢ ᠠᠴᠠ ᠭᠤᠤᠯᠳᠠᠭᠤ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠥᠷᠨᠢᠭᠦᠯᠦᠭᠰᠡᠨ ᠪᠠᠶᠢᠳᠠᠯ᠂ ᠭᠤᠤᠯ ᠠᠷᠭ᠎ᠠ ᠬᠢᠳᠡᠯ ᠵᠢᠴᠢ ᠬᠡᠷᠡᠭ ᠤᠨ ᠵᠢᠱᠢᠶ᠎ᠡ ᠶᠢ ᠲᠠᠨᠢᠯᠴᠠᠭᠤᠯᠤᠭᠰᠠᠨ ᠤ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠣᠶᠢᠷ᠎ᠠ ᠶᠢᠨ ᠵᠢᠯ ᠳᠤ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠬᠡᠷᠡᠭ ᠲᠤ ᠬᠤᠯᠪᠣᠭᠳᠠᠭᠰᠠᠨ ᠬᠦᠴᠢᠷᠳᠡᠯᠲᠡᠶ ᠣᠯᠠᠨ ᠲᠦᠮᠡᠨ ᠢ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ︿︿ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠬᠥᠮᠦᠰ﹀﹀ ᠵᠢᠴᠢ ᠬᠦᠴᠢᠷᠳᠡᠯᠲᠡᠶ ᠡᠮᠡᠭᠲᠡᠶᠢᠴᠦᠳ ᠎ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠠᠷ ᠵᠠᠰᠠᠬᠤ ︿︿ᠡᠷᠴᠢᠮ﹀﹀᠎ ᠢᠶᠠᠷ ᠬᠠᠤᠯᠢ ᠴᠠᠭᠠᠵᠠ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ︿︿ᠬᠠᠤᠯᠢ ᠴᠠᠭᠠᠵᠠ ᠪᠠᠷ ᠠᠪᠤᠷᠠᠨ ᠲᠤᠰᠠᠯᠠᠬᠤ + ᠨᠢᠭᠡ ᠬᠥᠨᠳᠡᠯᠡᠨ ᠨᠢᠭᠡ ᠭᠤᠯᠳᠤ﹀﹀᠂ ︿︿ᠬᠠᠤᠯᠢ ᠴᠠᠭᠠᠵᠠ ᠪᠠᠷ ᠠᠪᠤᠷᠠᠨ ᠲᠤᠰᠠᠯᠠᠬᠤ + ᠬᠦᠴᠢᠷᠳᠡᠯᠲᠡᠶ ᠣᠯᠠᠨ           ᠲᠦᠮᠡᠨ﹀﹀᠂ ︿︿ᠬᠠᠤᠯᠢ ᠴᠠᠭᠠᠵᠠ ᠪᠠᠷ ᠠᠪᠤᠷᠠᠨ ᠲᠤᠰᠠᠯᠠᠬᠤ + ᠢᠯᠡ ᠪᠠᠷ ᠭᠡᠷᠡᠴᠢᠯᠡᠭᠡ ᠰᠣᠨᠣᠰᠬᠤ﹀﹀ ᠠᠵᠢᠯ ᠎ ᠤᠨ ᠵᠠᠭᠪᠤᠷ ᠢ ᠬᠡᠷᠡᠭᠯᠡᠬᠦ ᠪᠠᠷ ᠳᠠᠮᠵᠢᠭᠤᠯᠤᠨ᠂ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠠᠵᠢᠯ ᠢ ᠢᠯᠡᠳᠲᠡ ᠦᠷ᠎ᠡ ᠪᠦᠲᠦᠮᠵᠢ ᠲᠠᠢ ᠪᠣᠯᠭᠠᠪᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠤᠯᠤᠰ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠢ ᠨᠡᠶᠢᠲᠡ 12 ᠬᠡᠷᠡᠭ 13 ᠬᠥᠮᠦᠨ ᠢ ᠭᠥᠯᠢᠶᠡᠨ ᠠᠪᠴᠤ ᠰᠢᠶᠳᠪᠦᠷᠢᠯᠡᠨ᠂ ᠨᠡᠶᠢᠲᠡ 8 . 5 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠪᠠᠯᠠ ᠮᠥᠩᠭᠦ ᠲᠠᠷᠬᠠᠭᠠᠪᠠ᠃ ᠡᠭᠦᠨ ᠳᠤ᠂ 2022 ᠣᠨ ᠳᠤ 1 ᠬᠡᠷᠡᠭ ᠤᠨ 1 ᠬᠥᠮᠦᠨ ᠢ ᠠᠪᠤᠷᠠᠨ ᠲᠤᠰᠠᠯᠠᠵᠤ᠂ 0 . 5 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ︔ 2023 ᠣᠨ ᠳᠤ 7 ᠬᠡᠷᠡᠭ ᠤᠨ 7 ᠬᠥᠮᠦᠨ ᠳᠤ 6 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠪᠠ︔ 2024 ᠣᠨ ᠠᠴᠠ ᠣᠲᠣ ᠪᠣᠯᠲᠠᠯ᠎ᠠ 4 ᠬᠡᠷᠡᠭ ᠤᠨ 5 ᠬᠥᠮᠦᠨ ᠢ ᠠᠪᠤᠷᠠᠨ ᠲᠤᠰᠠᠯᠠᠵᠤ᠂ 3 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃ 2024 ᠣᠨ ᠳᠤ 2022 ᠣᠨ ᠤ ᠠᠪᠤᠷᠠᠨ ᠲᠤᠰᠠᠯᠠᠭᠰᠠᠨ ᠬᠥᠮᠦᠨ ᠎ ᠤ ᠲᠤᠭ᠎ᠠ ᠠᠴᠠ 400 %᠎ ᠪᠠᠷ ᠨᠡᠮᠡᠭᠳᠡᠵᠦ᠂ ᠠᠪᠤᠷᠠᠨ ᠲᠤᠰᠠᠯᠠᠭᠰᠠᠨ ᠵᠣᠭᠤᠰ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 200 %᠎ ᠪᠠᠷ ᠨᠡᠮᠡᠭᠳᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号