ᠬᠤᠰᠢᠭᠤ ᠤᠳᠤᠷᠢᠳᠤᠯᠭ᠎ᠠ ᠨᠠᠷ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/10/23
      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢᠨ ᠲᠠᠰᠢᠷᠠᠮ ᠎ ᠢᠶᠠᠷ᠂ ᠬᠤᠰᠢᠭᠤ ᠤᠳᠤᠷᠢᠳᠤᠯᠭ᠎ᠠ ᠨᠠᠷ ᠪᠤᠯᠭᠤᠭᠠᠨ ᠳᠣᠬᠤᠨᠢᠭᠤᠯᠬᠤ ᠠᠵᠢᠯᠯᠠᠭ᠎ᠠ ᠥᠷᠨᠢᠭᠦᠯᠵᠦ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ ᠰᠢᠯᠢᠳᠡᠭ ᠡᠪ ᠬᠠᠮᠲᠦ ᠨᠠᠮ ᠤᠨ ᠭᠡᠰᠢᠭᠦᠨ᠂ ᠶᠣᠰᠣ ᠰᠤᠷᠲᠠᠬᠤᠨ ᠤ ᠵᠢᠱᠢᠶᠡᠴᠢ ᠶᠢᠨ ᠭᠡᠷ ᠲᠤ ᠬᠦᠷᠴᠦ᠂ ᠠᠬᠠᠮᠠᠳ ᠨᠥᠬᠦᠳ ᠲᠠᠢ ᠬᠠᠯᠠᠭᠤᠨ ᠲᠤᠳᠤᠨᠤ ᠶᠠᠷᠢᠶ᠎ᠠ ᠥᠷᠨᠢᠭᠦᠯᠦᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠯᠡᠷᠬᠡᠶᠢᠯᠡᠪᠡ᠃      ᠣᠴᠢᠭᠰᠠᠨ ᠭᠠᠵᠠᠷ ᠪᠣᠯᠭᠠᠨ ᠳᠤ ᠪᠠᠨ ᠤᠳᠤᠷᠢᠳᠬᠤ ᠨᠦᠬᠦᠳ᠂ ᠠᠬᠠᠮᠠᠳ ᠨᠥᠬᠦᠳ ᠤᠨ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠣᠶᠢᠯᠠᠭᠠᠵᠤ᠂ ᠠᠬᠠᠮᠠᠳ ᠨᠥᠬᠦᠳ ᠢ ᠪᠡᠶ᠎ᠡ ᠪᠠᠨ ᠰᠠᠶᠢᠨ ᠰᠣᠪᠢᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠬᠦ ᠶᠢ ᠬᠦᠰᠡᠭᠰᠡᠨ ᠤ ᠬᠠᠮᠲᠦ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠬᠠᠮᠠᠳ ᠨᠥᠬᠦᠳ ᠪᠤᠯᠤᠨ ᠶᠣᠰᠣ ᠰᠤᠷᠲᠠᠬᠤᠨ ᠤ ᠵᠢᠱᠢᠶᠡᠴᠢ ᠶᠢ ᠪᠥᠬᠦ ᠲᠠᠯ᠎ᠠ ᠪᠠᠷ ᠨᠠᠷᠢᠨ ᠨᠢᠮᠪᠠᠶ ᠰᠠᠶᠢᠲᠤᠷ ᠬᠠᠷᠠᠭᠠᠯᠵᠠᠵᠤ᠂ ᠲᠡᠳᠡᠨ ᠳᠤ ᠰᠠᠶᠢᠲᠤᠷ ᠦᠶᠯᠡᠴᠢᠯᠡᠵᠦ᠂ ᠲᠡᠳᠡᠨ ᠤ ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号