ᠵᠧᠦ ᠢᠦᠢ ᠯᠦᠩ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠪᠣᠯᠤᠨ ᠶᠣᠰᠣ ᠰᠤᠷᠲᠠᠬᠤᠨ ᠤ ᠵᠢᠱᠢᠶᠡᠴᠢ ᠶᠢ ᠪᠣᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2024/10/24
      ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠨ ᠨᠠᠰᠤᠲᠠᠨ ᠢᠶᠠᠨ ᠬᠠᠶᠢᠷᠠᠯᠠᠵᠤ᠂ ᠲᠡᠷᠢᠭᠦᠨ ᠎ ᠤ ᠬᠢ ᠶᠢ ᠡᠷᠬᠢᠮᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 2024 ᠣᠨ ᠤ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠳᠤ᠂ 9 ᠰᠠᠷ᠎ᠠ ᠶᠢᠨ 26᠎ ᠤ ᠡᠳᠦᠷ ᠠᠴᠠ 27᠎ ᠤ ᠡᠳᠦᠷ         ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠤᠯᠤᠰ ᠤᠨ ᠪᠠᠶᠠᠷ ᠎ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠪᠣᠯᠤᠨ ᠶᠣᠰᠣ ᠰᠤᠷᠲᠠᠬᠤᠨ ᠤ ᠵᠢᠱᠢᠶᠡᠴᠢ ᠶᠢ ᠡᠷᠭᠢᠨ ᠦᠵᠡᠵᠦ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠡᠶ  ᠃      ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠭᠡᠷ ᠲᠤ᠂ ᠵᠧᠦ ᠢᠦᠢ ᠯᠦᠩ ᠲᠡᠳᠡᠨ ᠲᠠᠢ ᠬᠠᠯᠠᠭᠤᠨ ᠳᠣᠲᠣᠨᠤ ᠶᠠᠷᠢᠶ᠎ᠠ ᠥᠷᠨᠢᠭᠦᠯᠵᠦ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠣᠶᠢᠯᠠᠭᠠᠵᠤ᠂ ᠲᠡᠳᠡᠨ ᠤ ᠪᠦᠬᠦ ᠬᠤᠰᠢᠭᠤᠨ ᠤ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠲᠡᠷᠡ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠣᠯ ᠪᠥᠬᠦ ᠬᠤᠰᠢᠭᠤᠨ ᠤ ᠬᠥᠭᠵᠢᠯᠲᠡ ᠶᠢᠨ ᠭᠡᠷᠡᠴᠢᠯᠡᠭᠴᠢ ᠪᠠ ᠠᠬᠢᠭᠤᠯᠤᠭᠴᠢ ᠮᠥᠨ᠂ ᠲᠡᠳᠡᠨ ᠤ ᠲᠤᠷᠰᠢᠯᠭ᠎ᠠ ᠪᠠ ᠣᠶᠤᠨ ᠤᠬᠠᠭᠠᠨ ᠪᠣᠯ ᠡᠷᠬᠢᠮ ᠨᠠᠨᠳᠢᠨ ᠥᠪ ᠬᠥᠷᠥᠩᠭᠡ ᠮᠥᠨ᠂ ᠠᠬᠠᠮᠠᠳ ᠺᠠᠳ᠋ᠷᠴᠤᠳ ᠪᠡᠶ᠎ᠡ ᠪᠠᠨ ᠰᠠᠶᠢᠨ ᠰᠤᠪᠢᠯᠠᠨ᠂ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠪᠡ᠃ ᠠᠬᠠᠮᠠᠳ ᠺᠠᠳ᠋ᠷᠴᠤᠳ ᠪᠠᠰᠠ᠂ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠨᠠᠩ ᠰᠠᠶᠢᠨ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ  ᠃      ᠠᠬᠠᠮᠠᠳ ᠨᠠᠮ ᠤᠨ ᠭᠡᠰᠢᠭᠦᠨ ᠤ ᠭᠡᠷ ᠲᠤ᠂ ᠵᠧᠦ ᠢᠦᠢ ᠯᠦᠩ ᠲᠡᠳᠡᠨ ᠤ ᠠᠮᠢᠳᠤᠷᠠᠯ ᠤᠨ ᠬᠡᠷᠡᠭᠴᠡᠭᠡ ᠶᠢ ᠬᠠᠯᠠᠮᠵᠢᠯᠠᠨ ᠠᠰᠠᠭᠤᠵᠤ᠂ ᠲᠡᠳᠡᠨ ᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠮᠢᠳᠤᠷᠠᠯ ᠵᠣᠯ ᠵᠢᠷᠭᠠᠯ ᠲᠠᠢ ᠪᠠᠶᠢᠬᠤ ᠎ ᠶᠢ ᠵᠥᠩᠨᠡᠵᠦ᠂ ᠲᠡᠳᠡᠨ ᠢ ᠡᠪ ᠬᠠᠮᠲᠤ ᠨᠠᠮ ᠤᠨ ᠭᠡᠰᠢᠭᠦᠨ ᠤ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠬᠦᠰᠡᠭᠰᠡᠨ ᠤ ᠬᠠᠮᠲᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠬᠠᠮᠠᠳ ᠨᠠᠮ ᠤᠨ ᠭᠡᠰᠢᠭᠦᠨ ᠪᠣᠯᠤᠨ ᠬᠦᠴᠢᠷᠳᠡᠯᠲᠡᠢ ᠨᠠᠮ ᠎ ᠤᠨ ᠭᠡᠰᠢᠭᠦᠨ ᠢ ᠬᠠᠯᠠᠮᠵᠢᠯᠠᠨ ᠬᠠᠪᠰᠤᠷᠴᠤ᠂ ᠲᠡᠳᠡᠨ ᠳᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠲᠡᠳᠡᠨ ᠳᠤ ᠨᠠᠮ ᠤᠨ ᠬᠠᠶᠢᠷ᠎ᠠ‌ᠬᠠᠯᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢ ᠱᠠᠭᠠᠷᠳᠠᠪᠠ᠃      ᠵᠧᠦ ᠢᠦᠢ ᠯᠦᠩ ᠪᠠᠰᠠ ᠪᠦᠬᠦ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠬᠤᠪᠢᠰᠬᠠᠯᠲᠤ ᠶᠢ ᠪᠣᠯᠭᠤᠭᠠᠨ ᠲᠣᠬᠤᠨᠢᠭᠤᠯᠵᠤ᠂ ᠲᠡᠭᠦᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠵᠢᠴᠢ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠲᠡᠭᠦᠨ ᠢ ᠵᠣᠷᠢᠭᠵᠢᠭᠤᠯᠤᠨ ᠳᠠᠭᠤᠷᠢᠶᠠᠯ ᠎ ᠤᠨ ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ᠂ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠎ ᠪᠠᠨ ᠴᠢᠷᠮᠠᠶᠢᠵᠤ᠂ ᠨᠡᠶᠢᠭᠡᠮ ᠳᠠᠶᠠᠭᠠᠷ ᠲᠤ ᠦᠨᠡᠨ ᠰᠠᠶᠢᠨ ᠰᠠᠶᠢᠬᠠᠨ ᠢ ᠤᠯᠠᠮᠵᠢᠯᠠᠨ᠂ ᠢᠳᠡᠪᠬᠢ ᠬᠦᠴᠦᠨ ᠢ ᠳᠠᠮᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠳᠤ ᠬᠦᠴᠦᠨ ᠨᠡᠮᠡᠷᠢᠯᠡᠭᠡᠷᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号