ᠵᠧᠦ ᠢᠦᠢ ᠯᠦᠩ ᠤᠯᠤᠰ ᠤᠨ ᠪᠠᠶᠠᠷ ᠠᠴᠠ ᠡᠮᠦᠨᠡᠬᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠡᠳ᠋ᠰᠢᠭᠦᠯᠬᠦ᠂ ᠳᠤᠯᠠᠭᠠᠯᠠᠭ᠎ᠠ ᠬᠠᠩᠭᠠᠬᠤ ᠵᠢᠴᠢ ᠠᠶᠤᠯᠭᠦᠶ ᠦᠶᠯᠡᠳᠪᠦᠷᠢᠯᠡᠯ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/10/24
      9 ᠰᠠᠷ᠎ᠠ ᠶᠢᠨ 26᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠨᠠᠷ ᠡᠸᠦ ᠶᠠ ᠳᠤᠯᠠᠭᠠᠯᠠᠭ᠎ᠠ ᠬᠠᠩᠭᠠᠬᠤ ᠺᠣᠮᠫᠠᠨᠢ᠂ ᠭᠤᠸᠠᠩ ᠱᠠ ᠳᠤᠯᠠᠭᠠᠯᠠᠭ᠎ᠠ ᠬᠠᠩᠭᠠᠬᠤ ᠺᠣᠮᠫᠠᠨᠢ᠂ ᠴᠢᠨ ᠮᠥ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠭᠦᠨᠵᠡᠭᠡᠶᠢᠷᠡᠵᠦ᠂ ᠤᠯᠤᠰ ᠤᠨ ᠪᠠᠶᠠᠷ ᠠᠴᠠ ᠡᠮᠦᠨᠡᠬᠢ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠪᠡᠯᠡᠳᠬᠡᠯ ᠠᠵᠢᠯ᠂ ᠠᠶᠤᠯᠭᠦᠶ ᠦᠶᠯᠡᠳᠪᠦᠷᠢᠯᠡᠯ ᠵᠢᠴᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠡᠳ᠋ᠰᠢᠭᠦᠯᠬᠦ ᠠᠵᠤ ᠠᠬᠤᠶᠢᠯᠠᠯ ᠤᠨ ᠡᠷᠭᠢᠯᠲᠡ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠬᠤᠩ ᠶᠠᠨ᠂ ᠳᠡᠳ᠋ ᠬᠤᠰᠢᠭᠤ ᠳᠠᠷᠤᠭ᠎ᠠ ᠴᠠᠩ ᠵᠧᠩ ᠪᠣᠯᠣᠨ ᠬᠠᠮᠢᠶ᠎ᠠ ᠪᠥᠬᠦᠶ ᠰᠠᠯᠠᠭ᠎ᠠ ᠮᠥᠴᠢᠷ ᠎ ᠤᠨ ᠬᠠᠷᠢᠭᠤᠴᠠᠯᠭᠠᠲᠠᠨ ᠬᠠᠮᠲᠦ ᠪᠠᠶᠢᠴᠠᠭᠠᠪᠠ᠃      ᠡᠸᠦ ᠶᠠ ᠳᠤᠯᠠᠭᠠᠯᠠᠭ᠎ᠠ ᠬᠠᠩᠭᠠᠬᠤ ᠺᠣᠮᠫᠠᠨᠢ ᠪᠤᠯᠤᠨ ᠭᠤᠸᠠᠩ ᠱᠠ ᠳᠤᠯᠠᠭᠠᠯᠠᠭ᠎ᠠ ᠬᠠᠩᠭᠠᠬᠤ ᠺᠣᠮᠫᠠᠨᠢ ᠳᠤ᠂ ᠵᠧᠦ ᠢᠦᠢ ᠯᠦᠩ ᠨᠠᠷ ᠲᠤᠰ ᠬᠤᠶᠠᠷ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠢᠭᠰᠡᠨ ᠳᠤᠯᠠᠭᠠᠯᠠᠭ᠎ᠠ ᠬᠠᠩᠭᠠᠬᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠪᠠ᠃ ᠵᠧᠦ ᠢᠤᠢ ᠯᠦᠩ ᠴᠢᠬᠤᠯᠠᠴᠢᠯᠠᠭᠰᠠᠨ ᠨᠢ᠂ ᠬᠤᠶᠠᠷ ᠠᠵᠤ ᠠᠬᠤᠶᠢᠯᠠᠯ ᠳᠤᠯᠠᠭᠠᠯᠭ᠎ᠠ ᠶᠢᠨ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠪᠠ ᠬᠤᠭᠤᠯᠠᠶ ᠶᠢᠨ ᠲᠣᠤᠷ ᠤᠨ ᠪᠠᠶᠢᠴᠠᠭᠠᠯᠲᠠ ᠪᠠᠨ          ᠴᠢᠩᠭᠠᠳᠬᠠᠵᠤ᠂ ᠠᠰᠠᠭᠤᠳᠠᠯ ᠤᠨ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠳᠤᠯᠠᠭᠠᠯᠭ᠎ᠠ ᠶᠢᠨ ᠬᠤᠭᠤᠴᠠᠭᠠᠨ ᠤ ᠳᠤᠯᠠᠭᠠᠯᠭ᠎ᠠ ᠶᠢᠨ ᠰᠢᠰᠲ᠋ᠧᠮ ᠤᠨ ᠬᠡᠪ ᠤᠨ ᠠᠵᠢᠯᠯᠠᠭᠠᠨ ᠎ ᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠵᠡᠷᠭᠡᠪᠡᠷ ᠠᠶᠤᠯ ᠦᠭᠡᠶ ᠪᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠶᠤᠯ ᠦᠭᠡᠶ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠤᠯ ᠦᠭᠡᠶ ᠶᠢᠨ ᠬᠥᠮᠦᠵᠢᠯ ᠢ   ᠨᠡᠮᠡᠭᠳᠡᠭᠦᠯᠵᠦ᠂ ᠠᠵᠢᠯᠲᠠᠨ ᠠᠵᠢᠯᠴᠢᠳ ᠤᠨ ᠠᠶᠤᠯ ᠦᠭᠡᠶ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠠᠶᠤᠯ ᠦᠭᠡᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠠᠵᠤ ᠠᠬᠤᠶᠢᠯᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯ ᠥᠬᠡᠶ ᠦᠶᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠴᠢᠨ ᠮᠥ ᠢᠳᠡᠭᠡᠨ ᠤ ᠬᠢᠵᠠᠭᠠᠷᠲᠤ ᠺᠣᠮᠫᠠᠨᠢ ᠳᠤ᠂ ᠵᠧᠦ ᠢᠦᠢ ᠯᠦᠩ ᠨᠠᠷ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ᠂ ᠦᠶᠯᠡᠳᠬᠦᠨ ᠤ ᠶᠠᠰᠤ ᠴᠢᠨᠠᠷ ᠤᠨ ᠡᠵᠡᠮᠳᠡᠯ ᠵᠢᠴᠢ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠠᠷᠭ᠎ᠠ ᠵᠠᠮ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠧᠦ ᠢᠦᠢ ᠯᠦᠩ ᠴᠢᠬᠤᠯᠠᠴᠢᠯᠠᠬᠤ ᠳᠠᠭᠠᠨ᠂ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠶᠢ ᠢᠳᠡᠪᠬᠢᠲᠡᠢ ᠠᠬᠢᠭᠤᠯᠵᠤ᠂ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠤᠨᠴᠠᠯᠢᠬᠳᠤ ᠮᠠᠯ ᠤᠨ ᠠᠰᠢᠭ ᠰᠢᠮ᠎ᠡ ᠶᠢᠨ ᠳᠠᠪᠠᠭᠤᠯᠢᠭ ᠲᠦᠷᠦᠯ ᠲᠡᠮᠳᠡᠭ ᠢ ᠡᠭᠦᠳᠴᠦ᠂ ᠵᠡᠭᠦᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠦᠷᠵᠢᠭᠤᠯᠵᠤ᠂ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠦᠶᠯᠡᠴᠢᠯᠡᠭᠡ ᠪᠠᠨ ᠰᠢᠯᠢᠳᠡᠭᠵᠢᠭᠦᠯᠵᠦ᠂ ᠠᠮᠢᠲᠠᠨ ᠤ ᠬᠢᠵᠢᠭ ᠪᠠᠶᠢᠴᠠᠭᠠᠬᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠮᠠᠯ ᠤᠨ ᠭᠠᠷᠭᠠᠯᠲᠠ ᠶᠢᠨ ᠬᠤᠭᠤᠴᠠᠭᠠᠨ ᠳᠠᠬᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠠᠮᠤᠷ ᠲᠦᠪᠰᠢᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ      ᠭᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号