ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠠᠶᠠᠷᠯᠠᠨ | ᠪᠡᠯᠭᠡᠯᠡᠵᠦ᠂ ᠡᠬᠡ ᠣᠷᠣᠨᠴᠢ ᠦᠵᠡᠯ ᠢᠶᠠᠷ ᠭᠤᠤᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠶᠡᠭᠡ ᠪᠠᠷ | ᠤᠯᠠᠮᠵᠢᠯᠠᠨ ᠪᠠᠳᠠᠷᠠᠭᠤᠯᠵᠤ᠂ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠢᠶᠠᠨ | ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ | ᠬᠠᠳᠠᠪᠴᠢ ᠪᠠᠯᠭᠠᠰᠤᠨ ᠤ ᠬᠤᠯᠪᠣᠭᠠᠲᠤ ᠨᠠᠮ ᠤᠨ ᠬᠤᠷᠢᠶ᠎ᠠ ᠠᠴᠠ ᠭᠤᠤᠯᠯᠠᠨ ᠡᠷᠭᠢᠯᠡᠵᠦ᠂ ᠵᠡᠭᠦᠨ ᠬᠠᠲᠠᠪᠴᠢ | ᠪᠣᠭᠤᠮᠲᠠ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠠᠴᠠ ᠳᠠᠭᠠᠭᠠᠴᠢᠯᠠᠨ ᠡᠷᠭᠢᠯᠡᠭᠰᠡᠨ ︿︿ᠤᠮᠠᠷᠠᠲᠤ | ᠬᠢᠯᠢ ᠶᠢᠨ ᠤᠶᠠᠩᠭᠠᠯᠠᠯ ᠢᠶᠠᠷ ᠤᠯᠤᠰ ᠪᠠᠶᠢᠭᠤᠯᠤᠭᠳᠠᠭᠰᠠᠨ ᠪᠠᠶᠠᠷ ᠢ ᠪᠡᠯᠭᠡᠯᠡᠨᠡᠮ﹀﹀ ᠭᠡᠰᠡᠨ ᠳᠠᠭᠤᠤ ᠶᠢᠨ | ᠤᠷᠤᠯᠳᠤᠭᠠᠨ 9 ᠰᠠᠷ᠎ᠠ ᠶᠢᠨ 28 ᠤ ᠡᠳᠦᠷ ᠬᠠᠳᠠᠪᠴᠢ ᠪᠠᠯᠭᠠᠰᠤᠨ ᠳᠤ ᠶᠠᠪᠤᠭᠳᠠᠵᠠᠢ᠃ | ᠬᠠᠳᠠᠪᠴᠢ ᠪᠠᠯᠭᠠᠰᠤᠨ ᠤ ᠬᠤᠯᠪᠣᠭᠠᠲᠤ ᠨᠠᠮ ᠤᠨ ᠬᠤᠷᠢᠶᠠᠨ ᠤ 10 ᠪᠦᠷᠢᠯᠳᠦᠬᠦᠨ ᠨᠢᠭᠡᠴᠡ᠂ ᠬᠠᠷᠢᠶ᠎ᠠ | ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠨᠡᠶᠢᠲᠡ 120 ᠭᠠᠷᠤᠶ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠤᠷᠤᠯᠳᠤᠭᠠᠨ ᠳᠤ ᠣᠷᠣᠯᠴᠠᠵᠠᠶ᠃ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠪᠣᠯᠣᠨ ᠨᠠᠶᠢᠷᠠᠯ ᠳᠠᠭᠤᠤ | ᠶᠢᠨ ᠪᠦᠯᠬᠦᠮ ᠤᠨ ᠭᠡᠰᠢᠭᠦᠳ ᠣᠷᠭᠢᠯᠤᠮ᠎ᠠ ᠬᠠᠯᠠᠭᠤᠨ ᠰᠡᠳᠬᠢᠯᠭᠡ᠂ ᠰᠠᠶᠢᠨ ᠰᠠᠶᠢᠬᠠᠨ ᠤᠶᠤᠨ ᠰᠠᠨᠠᠭᠠᠨ ᠤ | ᠳᠦᠷᠰᠦ ᠪᠠᠶᠢᠳᠠᠯ ᠢᠶᠠᠷ ︿︿ᠮᠠᠯᠴᠢᠨ ᠲᠦᠮᠡᠨ ᠡᠪ ᠬᠠᠮᠲᠤ ᠨᠠᠮ ᠢᠶᠠᠨ ᠮᠠᠭᠲᠠᠨ ᠳᠠᠭᠤᠯᠠᠨ᠎ᠠ﹀﹀᠂ ︿︿ᠪᠢ ᠡᠭᠡ | ᠤᠯᠤᠰ ᠲᠠᠢ ᠪᠠᠨ﹀﹀᠂ ︿︿ᠠᠭᠤᠤ ᠶᠡᠭᠡ ᠨᠠᠮ ᠢᠶᠠᠨ ᠮᠠᠭᠲᠠᠨ ᠳᠠᠭᠤᠯᠠᠨ᠎ᠠ﹀﹀ ᠵᠡᠷᠭᠡ ᠳᠠᠭᠤᠤ ᠶᠢ ᠳᠠᠭᠤᠯᠠᠵᠤ᠂ | ᠰᠢᠨ᠎ᠡ ᠠᠶᠠᠨ ᠵᠠᠮ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢ ᠬᠠᠩᠭᠢᠨᠠᠭᠤᠯᠪᠠ᠃ | ᠬᠠᠳᠠᠪᠴᠢ ᠪᠠᠯᠭᠠᠰᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠬᠤᠪᠢᠰᠬᠠᠯ ᠤᠨ ᠰᠣᠩᠭᠤᠳᠠᠭ | ᠳᠠᠭᠤᠤ ᠶᠢ ᠳᠠᠭᠤᠯᠠᠬᠤ ᠪᠠᠷ ᠳᠡᠮᠵᠢᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠳᠤ | ᠬᠦᠷᠭᠡᠭᠰᠡᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠬᠦ ᠶᠢᠨ ᠬᠠᠮᠲᠤ ᠪᠥᠬᠦ ᠪᠠᠯᠭᠠᠰᠤᠨ ᠤ ᠡᠯ᠎ᠡ | ᠦᠨᠳᠦᠰᠦᠲᠡᠨ ᠤ ᠠᠷᠠᠳ ᠲᠦᠮᠡᠨ ᠤ ᠠᠭᠤᠤ ᠶᠡᠭᠡ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ | ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠪᠠ᠃ | |