︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ | ᠢᠨᠵᠧᠨᠧᠷᠢᠩ︾ ᠤᠨ ᠨᠢᠭᠡ ᠪᠣᠯᠤᠨ᠎ᠠ᠂ ᠮᠦᠨ ᠴᠤ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠤᠨ᠎ᠠ᠃ ︽ᠬᠠᠶᠢᠷ᠎ᠠ ᠬᠠᠯᠠᠮᠵᠢ ᠶᠢᠨ ᠨᠡᠭᠦᠷᠡᠰᠦ︾ ᠲᠠᠷᠬᠠᠭᠠᠬᠤ ᠨᠢ | ︽ᠳᠤᠯᠠᠭᠠᠯᠠᠭ᠎ᠠ ᠶᠢᠨ ᠢᠨᠵᠧᠨᠧᠷᠢᠩ︾ ᠤᠨ ᠴᠢᠬᠤᠯᠠ ᠨᠢᠭᠡ ᠵᠦᠢᠯ ᠪᠣᠯᠤᠭᠰᠠᠨ ᠤ ᠬᠤᠪᠢ ᠳᠤ᠂ ᠠᠷᠠᠳ ᠤᠯᠠᠨ ᠤ | ᠳᠤᠯᠠᠭᠠᠨ ᠲᠠᠪᠠᠲᠠᠢ ᠡᠪᠦᠯᠵᠢᠬᠦ ᠶᠢ ᠪᠠᠲᠤᠯᠠᠬᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠪᠣᠯᠤᠨ᠎ᠠ᠃ | ᠣᠶᠢᠷ᠎ᠠ ᠳᠤ᠂ ᠮᠠᠨ ᠤ ᠬᠤᠰᠢᠭᠤ ᠡᠯ᠎ᠡ ᠰᠤᠮᠤ ᠪᠠᠯᠭᠠᠰᠤᠨ ᠳᠤ ᠵᠠᠯᠭᠠᠭ᠎ᠠ ᠪᠠᠷ ︽ᠬᠠᠶᠢᠷ᠎ᠠ ᠬᠠᠯᠠᠮᠵᠢ ᠶᠢᠨ | ᠨᠡᠭᠦᠷᠡᠰᠦ︾ ᠬᠤᠪᠢᠶᠠᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠯᠠᠭᠠᠨ ᠲᠠᠪᠠᠲᠠᠢ ᠡᠪᠦᠯᠵᠢᠬᠦ ᠶᠢ | ᠦᠨᠡᠨ ᠬᠦ ᠪᠠᠲᠤᠯᠠᠪᠠ᠃ | ᠨᠡᠭᠦᠷᠡᠰᠦ ᠬᠤᠪᠢᠶᠠᠬᠤ ᠲᠤᠬᠠᠶ ᠶᠢᠨ ᠲᠠᠯᠠᠪᠠᠶ ᠳᠤ᠂ ᠮᠠᠯᠴᠢᠨ ᠲᠦᠮᠡᠨ ᠠᠵᠢᠯᠲᠠᠨ ᠤ ᠳᠠᠭᠠᠭᠤᠯᠭ᠎ᠠ ᠳᠣᠤᠷ᠎ᠠ᠂ | ᠳᠡᠩᠰᠡᠯᠡᠨ ᠲᠡᠮᠳᠡᠭᠯᠡᠬᠦ᠂ ᠨᠡᠭᠦᠷᠡᠰᠦ ᠲᠡᠭᠡᠭᠡᠬᠦ᠂ ᠵᠢᠩᠯᠡᠬᠦ᠂ ᠭᠠᠷ ᠤᠨ ᠥᠰᠥᠭ ᠵᠢᠷᠤᠬᠤ ᠵᠡᠷᠭᠡ ᠪᠦᠬᠦᠶᠢᠯᠡ ᠶᠠᠪᠤᠴᠠ | ᠶᠢ ᠭᠦᠢᠴᠡᠳᠬᠡᠵᠦ᠂ ᠡᠮᠬᠢ ᠵᠢᠷᠤᠮ ᠲᠠᠢ ᠪᠠᠷ ᠨᠡᠭᠦᠷᠡᠰᠦ ᠪᠠᠨ ᠲᠡᠭᠡᠭᠡᠵᠦ ᠬᠠᠷᠢᠵᠠᠭᠠᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ᠮᠠᠨ ᠤ ᠬᠤᠰᠢᠭᠤᠨ ᠤ ︿︿ᠬᠠᠶᠢᠷ᠎ᠠ ᠬᠠᠯᠠᠮᠵᠢ ᠶᠢᠨ ᠨᠡᠭᠦᠷᠡᠰᠦ﹀﹀ | ᠲᠥᠭᠡᠭᠡᠬᠦ ᠠᠵᠢᠯ 9 ᠰᠠᠷ᠎ᠠ ᠶᠢᠨ ᠡᠬᠢ ᠪᠠᠷ ᠡᠬᠢᠯᠡᠵᠦ᠂ 8 ᠰᠤᠮᠤ ᠪᠠᠯᠭᠠᠰᠤᠨ ᠤ 1168 ᠮᠠᠯᠴᠢᠳ ᠲᠤ 2336 | ᠲᠣᠨ ᠡᠩ ᠤᠨ ᠦᠨᠡᠲᠦ ᠨᠡᠭᠦᠷᠡᠰᠦ ᠬᠠᠩᠭᠠᠬᠤ ᠶᠢᠨ ᠬᠠᠮᠲᠤ ᠲᠣᠨ ᠪᠦᠷᠢ ᠶᠢᠨ 100 ᠲᠥᠭᠦᠷᠢᠭ ᠤᠨ ᠦᠨ᠎ᠡ ᠪᠠᠷ | ᠥᠷᠭᠡᠨ ᠣᠯᠠᠨ ᠮᠠᠯᠴᠢᠳ ᠲᠤ ᠬᠤᠳᠠᠯᠳᠤᠨ ᠥᠭᠴᠦ᠂ ᠣᠯᠠᠨ ᠲᠥᠮᠡᠨ ᠤ ᠠᠵᠤ ᠠᠬᠤᠢ ᠶᠢᠨ ᠳᠠᠷᠤᠭᠠᠰᠤ ᠶᠢ | ᠬᠥᠩᠭᠡᠯᠡᠪᠡ᠃ ᠣᠳᠣᠬᠠᠨ ᠪᠣᠯᠲᠠᠯ᠎ᠠ᠂ ᠵᠡᠭᠦᠨ ᠦᠵᠦᠮᠦᠴᠢᠨ ᠬᠤᠰᠢᠭᠤ ᠨᠢᠭᠡᠨᠲᠡ 114 ᠮᠠᠯᠴᠢᠳ ᠲᠤ ᠠᠰᠢᠭ | ᠬᠦᠷᠲᠡᠭᠡᠵᠦ᠂ ᠡᠷᠦᠬᠡ ᠳᠤ ᠬᠦᠷᠦᠭᠰᠡᠨ ᠨᠡᠭᠦᠷᠡᠰᠦᠨ ᠤ ᠬᠡᠮᠵᠢᠶ᠎ᠡ 228 ᠲᠣᠨ ᠪᠠᠶᠢᠵᠤ᠂ ᠵᠢᠱᠢᠯᠲᠡ ᠪᠠᠷ᠂ 10 | ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠪᠥᠬᠦ ᠬᠤᠰᠢᠭᠤᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ | ᠲᠠᠷᠬᠠᠭᠠᠬᠤ ᠠᠵᠢᠯ ᠢ ᠪᠡᠶᠡᠯᠡᠭᠦᠯᠵᠦ ᠳᠠᠭᠤᠰᠬᠠᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠠᠷᠠᠳ ᠤᠨ ᠠᠮᠢᠳᠤᠷᠠᠯ ᠳᠤ ᠠᠰᠢᠭᠲᠠᠢ ᠲᠥᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂《ᠬᠠᠶᠢᠷ᠎ᠠ ᠬᠠᠯᠠᠮᠵᠢ ᠶᠢᠨ ᠨᠡᠭᠦᠷᠡᠰᠦ 》ᠲᠠᠷᠬᠠᠭᠠᠬᠤ ᠠᠵᠢᠯ ᠢ ᠦᠨᠡᠨ ᠬᠦ | ᠰᠠᠶᠢᠲᠤᠷ ᠬᠢᠵᠦ᠂ ᠣᠯᠠᠨ ᠲᠦᠮᠡᠨ ᠤ ᠰᠡᠳᠬᠢᠯ ᠳᠤ ᠬᠦᠷᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠠᠮᠤᠷ ᠲᠦᠪᠰᠢᠨ ᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ | ᠥᠬᠡᠶ ᠳᠡᠭᠡᠭᠰᠢᠯᠡᠭᠦᠯᠬᠦ ᠪᠤᠯᠤᠨ᠎ᠠ᠃ | | |