ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠬᠡᠮᠵᠢᠶ᠎ᠡ 200 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/11/1
      ᠲᠦᠷᠦᠭᠦᠬᠡᠨ᠂ ᠵᠡᠭᠦᠨ ᠬᠠᠲᠠᠪᠴᠢ ᠪᠣᠭᠤᠮᠲᠠ ᠪᠠᠷ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠲᠡᠷᠭᠡ ᠤᠳ ᠡᠮᠬᠢ ᠵᠢᠷᠤᠮ ᠲᠠᠢ ᠪᠠᠷ ᠬᠢᠯᠢ ᠪᠠᠷ ᠣᠷᠤᠵᠤ ᠢᠷᠡᠪᠡ᠃ 10 ᠰᠠᠷ᠎ᠠ ᠶᠢᠨ 8᠎ ᠤ ᠡᠳᠦᠷ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠡᠳ᠋ ᠪᠠᠷᠠᠭ᠎ᠠ 203.15 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4%᠎ ᠪᠠᠷ ᠨᠡᠮᠡᠭᠳᠡᠵᠦ᠂ ᠡᠭᠦᠨ ᠳᠤ ᠭᠠᠳᠠᠭᠠᠳᠤ ᠠᠴᠠ ᠣᠷᠣᠭᠤᠯᠣᠭᠰᠠᠨ ᠪᠠᠷᠠᠭ᠎ᠠ 200.19 ᠲᠦᠮᠡᠨ ᠲᠣᠨ ᠂ ᠭᠠᠳᠠᠭᠠᠳᠤ ᠳᠤ ᠭᠠᠷᠭᠠᠭᠰᠠᠨ ᠪᠠᠷᠠᠭ᠎ᠠ 2.96 ᠲᠦᠮᠡᠨ ᠲᠣᠨ ᠳᠤ ᠬᠦᠷᠴᠦ᠂ ᠨᠢᠳᠤᠨᠤᠨ ᠤ ᠬᠢ ᠠᠴᠠ 10 ᠡᠳᠦᠷ ᠤᠷᠢᠳᠴᠢᠯᠠᠨ 200 ᠲᠦᠮᠡᠨ ᠲᠣᠨ ᠢ ᠳᠠᠪᠠᠵᠤ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃      ︽ᠪᠣᠭᠤᠮᠲᠠ ᠪᠠᠷ ᠥᠩᠭᠡᠷᠡᠬᠦ ᠣᠷᠭᠢᠯ ᠢ ᠪᠦᠲᠦᠮᠵᠢᠲᠡᠶ ᠠᠷᠭᠠᠴᠠᠬᠤ ᠶᠢᠨ ᠲᠥᠯᠥᠭᠡ᠂ ᠪᠢᠳᠡ ᠪᠣᠭᠤᠮᠲᠠ ᠪᠠᠷ ᠥᠩᠭᠡᠷᠡᠬᠦ ᠪᠠᠶᠢᠳᠠᠯ ᠢ ᠨᠢᠭᠲᠠ ᠠᠩᠬᠠᠷᠴᠤ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢᠨ ᠬᠥᠲᠥᠯᠦᠨ ᠵᠢᠯᠣᠭᠤᠳᠤᠭᠴᠢ ᠲᠤᠬᠢᠷᠠᠭᠤᠯᠤᠭᠰᠠᠨ ᠤ ᠬᠠᠮᠲᠤ᠂ ᠠᠵᠤ ᠠᠬᠤᠶᠢᠯᠠᠯ ᠤᠨ ᠲᠡᠷᠭᠡᠨ ᠠᠩᠭᠢ ᠳᠤ ᠵᠠᠮ ᠨᠡᠪᠲᠡᠷᠡᠭᠦᠯᠭᠡ ᠶᠢᠨ ᠬᠥᠲᠥᠯᠦᠨ ᠵᠢᠯᠣᠭᠤᠳᠬᠤ ᠵᠥᠪᠯᠡᠯᠭᠡ ᠥᠭᠬᠦ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠪᠠᠭᠠᠵᠢ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠳᠤ ᠨᠠᠩ ᠲᠥᠬᠦᠮ᠂ ᠨᠠᠩ ᠪᠦᠲᠦᠮᠵᠢᠲᠡᠶ᠂ ᠨᠠᠩ ᠨᠠᠶᠢᠳᠠᠪᠤᠷᠢᠲᠠᠶ ᠪᠠᠲᠤᠯᠠᠭ᠎ᠠ ᠬᠠᠩᠭᠠᠭᠰᠠᠨ ᠤ ᠬᠠᠮᠲᠤ ᠬᠠᠮᠲᠤᠷᠠᠨ ᠪᠠᠶᠢᠴᠠᠭᠠᠬᠤ ᠨᠢᠭᠡᠴᠡ ᠲᠠᠢ ᠴᠠᠭ ᠲᠤᠬᠠᠶ ᠳᠤᠨᠢ ᠬᠠᠷᠢᠯᠴᠠᠵᠤ᠂ ᠲᠡᠷᠭᠡ ᠬᠥᠰᠬᠡ ᠶᠢᠨ ᠬᠦᠯᠢᠶᠡᠬᠦ ᠴᠠᠭ ᠢ ᠲᠠᠰᠤᠷᠠᠯᠲᠠ ᠥᠬᠡᠶ ᠪᠣᠭᠤᠨᠢᠰᠬᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ︾  ᠭᠡᠵᠦ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠪᠣᠭᠤᠮᠲᠠ ᠶᠢᠨ ᠭᠡᠰᠢᠭᠦᠨ ᠴᠧᠨ ᠵᠢᠶᠠᠨ ᠭᠧ ᠢᠯᠡᠷᠬᠡᠶᠢᠯᠡᠪᠡ᠃      ᠣᠶᠢᠯᠠᠭᠠᠭᠰᠠᠨ ᠢᠶᠠᠷ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠦ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠵᠡᠭᠦᠨ ᠦᠵᠦᠮᠦᠴᠢᠨ ᠪᠣᠭᠤᠮᠲᠠ ᠣᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠣᠶᠤᠨᠴᠢ ᠪᠣᠭᠤᠮᠲᠠ ᠶᠢᠨ ᠬᠦᠴᠦᠷᠬᠡᠭ ᠤᠯᠤᠰ︾᠎ ᠤᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ︽ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠢᠯᠣᠭᠤᠳᠬᠤ ᠲᠥᠪ + ᠣᠶᠤᠨᠴᠢ ᠬᠢᠨᠠᠨ ᠬᠠᠮᠢᠶᠠᠷᠤᠯᠲᠠ ᠶᠢᠨ ᠠᠵᠢᠯᠯᠠᠬᠤ ᠲᠠᠪᠴᠠᠩ + ᠬᠥᠳᠡᠯᠦᠩᠭᠦᠶ ᠳᠤᠭᠤᠶᠢᠯᠠᠩ︾᠎ ᠤᠨ ᠣᠶᠤᠨᠴᠢ ᠬᠢᠨᠠᠨ ᠬᠠᠮᠢᠶᠠᠷᠤᠯᠲᠠ ᠶᠢᠨ ᠰᠢᠰᠲ᠋ᠧᠮ ᠳᠤ ᠰᠠᠭᠤᠷᠢᠯᠠᠨ᠂ ᠣᠶᠤᠨᠴᠢ ᠴᠢᠳᠠᠪᠤᠷᠢ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠠᠵᠢᠯᠯᠠᠬᠤ ᠴᠠᠭ ᠢ ᠤᠷᠲᠤᠳᠬᠠᠬᠤ᠂ ᠭᠤᠷᠪᠠᠳᠠᠬᠢ ᠡᠲᠡᠭᠡᠳ ᠤᠨ ᠭᠡᠷᠡᠴᠢ ᠦᠯᠡᠳᠡᠭᠡᠬᠦ᠂  ᠬᠤᠣᠰ ᠴᠢᠷᠦᠭᠦᠯ ᠮᠠᠰᠢᠨ ᠲᠡᠷᠭᠡ ᠪᠠᠷ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠶᠢ ᠨᠠᠩ ᠥᠨᠳᠥᠷ ᠪᠦᠲᠦᠮᠵᠢᠲᠡᠶ᠂ ᠠᠯᠬᠤᠮ ᠳᠠᠷᠠᠭᠠᠯᠠᠯ ᠢ ᠨᠠᠩ ᠰᠢᠨᠵᠢᠯᠡᠬᠦ ᠤᠬᠠᠭᠠᠨᠴᠢ ᠪᠣᠯᠭᠠᠬᠤ ᠶᠢ ᠪᠠᠲᠤᠯᠠᠪᠠ᠃ ᠡᠭᠦᠨ ᠤ ᠬᠠᠮᠲᠤ᠂ ᠬᠢᠨᠠᠨ ᠬᠠᠮᠢᠶᠠᠷᠬᠤ ᠠᠷᠭ᠎ᠠ ᠪᠠᠷᠢᠯ ᠢ ᠥᠷᠭᠡᠳᠬᠡᠵᠦ᠂ H986 ᠮᠠᠰᠢᠨ ᠪᠠᠶᠢᠴᠠᠭᠠᠬᠤ᠂ ᠠᠦ᠋ᠲ᠋ᠣ᠋ ᠰᠠᠴᠤᠷᠠᠭ ᠤᠨ ᠬᠠᠶᠢᠨ ᠬᠡᠮᠵᠢᠯᠲᠡ ᠵᠡᠷᠭᠡ ᠣᠶᠤᠨᠴᠢ ᠲᠥᠬᠦᠭᠡᠷᠦᠮᠵᠢ ᠶᠢ ᠭᠦᠢᠴᠡᠳ           ᠬᠡᠷᠡᠭᠯᠡᠨ᠂ ᠰᠠᠴᠤᠷᠠᠭ ᠤᠨ ᠪᠠᠷᠢᠮᠵᠢᠶ᠎ᠠ ᠠᠴᠠ ᠬᠡᠲᠦᠷᠡᠬᠦ᠂  ᠨᠢᠭᠤᠵᠤ ᠳᠠᠯᠳᠠᠯᠠᠨ ᠡᠳ᠋ ᠪᠤᠳᠠᠰ ᠠᠪᠴᠤ ᠣᠷᠤᠵᠤ ᠢᠷᠡᠬᠦ ᠠᠶᠤᠯ ᠲᠦᠭᠰᠢᠭᠦᠷᠢ ᠶᠢ ᠰᠡᠷᠭᠡᠶᠢᠯᠡᠵᠦ᠂ ᠪᠦᠬᠦ ᠶᠠᠪᠤᠴᠠ ᠳᠤ᠂ ᠪᠦᠬᠦᠨ ᠢ ᠬᠠᠮᠤᠷᠤᠭᠰᠠᠨ ᠬᠢᠨᠠᠨ ᠬᠠᠮᠢᠶᠠᠷᠬᠤ ᠬᠡᠯᠬᠢᠶ᠎ᠡ ᠶᠢ ᠪᠦᠷᠢᠯᠳᠦᠭᠦᠯᠵᠦ᠂ ᠬᠥᠮᠦᠨ ᠤ ᠬᠦᠴᠦ ᠪᠠᠷ ᠪᠠᠶᠢᠴᠠᠭᠠᠨ ᠰᠢᠯᠭᠠᠬᠤ ᠳᠠᠪᠲᠠᠮᠵᠢ ᠶᠢ ᠪᠠᠭᠤᠷᠠᠭᠤᠯᠤᠨ᠂ ᠪᠣᠭᠤᠮᠲᠠ ᠥᠩᠭᠡᠷᠡᠬᠦ ᠴᠠᠭ ᠢ ᠪᠣᠭᠤᠨᠢᠰᠬᠠᠵᠤ᠂ ᠪᠠᠷᠠᠭᠠᠨ ᠤ ᠬᠢᠨᠠᠨ ᠬᠠᠮᠢᠶᠠᠷᠤᠯᠲᠠ ᠶᠢᠨ ︽ᠬᠠᠮᠢᠶᠠᠷᠴᠤ ᠳᠡᠶᠢᠯᠬᠦ᠂ ᠲᠠᠯᠪᠢᠵᠤ ᠳᠡᠶᠢᠯᠬᠦ᠂ ᠨᠡᠪᠲᠡᠷᠡᠵᠦ ᠳᠡᠶᠢᠯᠬᠦ︾᠎ ᠶᠢ ᠦᠨᠡᠨᠬᠦ  ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠪᠣᠭᠤᠮᠲᠠ ᠶᠢᠨ ᠬᠢᠨ ᠤᠯᠤᠰ ᠤᠨ ᠬᠢᠯᠢ ᠳᠠᠭᠠᠤ ᠨᠡᠭᠡᠭᠡᠯᠲᠡ ᠬᠢᠬᠦ ᠶᠢ ᠥᠷᠭᠡᠳᠬᠡᠬᠦ ᠪᠠ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠠ᠂ ︽ᠲᠠᠪᠤᠨ ᠶᠡᠭᠡ ᠡᠭᠦᠷᠭᠡ︾᠎ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠪᠣᠭᠤᠮᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠪᠥᠬᠦᠶ ᠨᠡᠭᠡᠭᠡᠯᠲᠡ ᠶᠢᠨ ᠲᠠᠪᠴᠠᠩ ᠢ ᠪᠣᠶ ᠪᠣᠯᠭᠠᠠ᠂ ︽ᠨᠢᠭᠡ ᠪᠦᠰᠡ ᠨᠢᠭᠡ ᠵᠠᠮ︾᠎ ᠤᠨ ᠤᠯᠤᠰ ᠯᠤᠭ᠎ᠠ ᠬᠠᠮᠲᠤ ᠪᠠᠷ ᠪᠥᠲᠥᠭᠡᠨ ᠪᠠᠶᠢᠭᠤᠯᠬᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠠᠩ ᠥᠨᠳᠥᠷ ᠵᠣᠭᠰᠣᠴᠠ᠂ ᠨᠠᠩ ᠶᠡᠭᠡ ᠪᠠᠶᠢᠷᠢᠰᠢᠯ᠂ ᠨᠠᠩ ᠥᠷᠭᠡᠨ ᠬᠠᠷᠠᠭᠠᠰᠤ ᠠᠴᠠ ᠤᠮᠠᠷᠠᠰᠢ ᠨᠡᠭᠡᠭᠡᠯᠲᠡ ᠬᠢᠬᠦ ᠡᠨᠡ ᠬᠦ ᠶᠡᠭᠡ ᠶᠠᠪᠤᠳᠠᠯ ᠢ ᠰᠦᠪᠡᠭᠴᠢᠯᠡᠬᠦ ᠪᠣᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号