ᠵᠡᠭᠦᠨ ᠬᠠᠲᠠᠪᠴᠢ ᠪᠣᠭᠤᠮᠲᠠ ᠨᠢ ︽ᠲᠠᠪᠤᠨ ᠬᠡᠯᠪᠡᠷᠢ︾᠎ ᠶᠢᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/11/1
      ᠵᠡᠭᠦᠨ ᠦᠵᠦᠮᠦᠴᠢᠨ ᠬᠤᠰᠢᠭᠤ ᠰᠠᠭᠤᠷᠢ ᠪᠠᠨ ᠪᠠᠲᠤᠳᠬᠠᠬᠤ᠂ ᠳᠦᠷᠢᠮ ᠢᠶᠠᠨ ᠰᠢᠯᠢᠳᠡᠭᠵᠢᠭᠦᠯᠬᠦ᠂ ᠬᠡᠯᠬᠢᠶ᠎ᠡ ᠪᠠᠨ ᠨᠥᠬᠦᠪᠥᠷᠢᠯᠡᠬᠦ᠂ ᠠᠮᠤᠷ ᠠᠮᠤᠭᠤᠯᠠᠩ᠂ ᠬᠠᠤᠯᠢ ᠪᠠᠷ ᠵᠠᠰᠠᠬᠤ᠂ ᠦᠷ᠎ᠡ ᠪᠦᠲᠦᠮᠵᠢ᠂ ᠣᠶᠤᠨ ᠤᠬᠠᠭᠠᠨ ᠂ ᠪᠣᠬᠢᠷᠲᠤᠯ ᠥᠬᠡᠶ ︽ᠲᠠᠪᠤᠨ ᠬᠡᠯᠪᠡᠷᠢ︾᠎ ᠶᠢᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠠᠵᠤ ᠠᠬᠤᠶ ᠳᠤ ᠦᠢᠯᠡᠴᠢᠯᠡᠬᠦ ᠵᠠᠮ︾᠎ ᠠᠴᠠ ︽ᠵᠠᠮ ᠳᠠᠭᠠᠤ ᠬᠦᠭᠵᠢᠭᠰᠡᠨ ᠠᠵᠤ ᠠᠬᠤᠶ︾ ᠳᠠᠰᠢ ᠬᠤᠪᠢᠷᠠᠭᠤᠯᠬᠤ ᠶᠢ ᠴᠢᠷᠮᠠᠶᠢᠨ ᠠᠬᠢᠭᠤᠯᠵᠤ᠂ ︽ᠪᠣᠭᠤᠮᠲᠠ ᠪᠠᠷ ᠥᠩᠭᠡᠷᠡᠬᠦ ᠠᠵᠤ ᠠᠬᠤᠶ︾᠎ ᠠᠴᠠ ︽ᠭᠠᠵᠠᠷ ᠤᠷᠤᠨ ᠳᠤ ᠰᠠᠭᠤᠷᠢᠰᠢᠭᠰᠠᠨ ᠠᠵᠤ ᠠᠬᠤᠶ︾ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃      ᠨᠢᠭᠡ ᠳᠤ᠂ ︽ᠨᠢᠭᠡ ᠲᠥᠪ +ᠣᠶᠤᠨᠴᠢ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠪᠴᠠᠩ + N ᠮᠠᠰᠢᠨ ᠬᠦᠳᠡᠯᠭᠡᠭᠦᠷ ᠤᠨ ᠳᠤᠭᠤᠶᠢᠯᠠᠩ︾᠎ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠲᠤᠬᠠᠶ ᠶᠢᠨ ᠲᠠᠯᠠᠪᠠᠶ ᠬᠢᠭᠡᠳ ᠮᠡᠳᠡᠭᠡ ᠵᠠᠩᠭᠢᠴᠢᠯᠠᠯᠲᠠ ᠶᠢᠨ ᠵᠢᠯᠣᠭᠤᠳᠬᠤ ᠲᠥᠪ ᠬᠤᠯᠪᠣᠭᠠᠯᠠᠨ ᠬᠥᠳᠡᠯᠦᠯᠴᠡᠬᠦ᠂ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠦᠷᠢᠯᠳᠦᠭᠦᠯᠵᠦ᠂ ᠣᠶᠤᠨᠴᠢ ᠪᠣᠭᠤᠮᠲᠠ ᠶᠢᠨ ᠬᠠᠮᠢᠶᠠᠷᠤᠯᠲᠠ ᠶᠢᠨ ᠴᠢᠳᠠᠮᠵᠢ ᠶᠢ ᠴᠢᠩᠭᠠᠳᠬᠠᠪᠠ᠃      ᠬᠤᠶᠠᠷ ᠲᠤ᠂ ︽ᠪᠣᠭᠤᠮᠲᠠ — ᠠᠵᠤ ᠠᠬᠤᠶᠢᠯᠠᠯ︾᠎ ᠤᠨ ᠲᠤᠰᠬᠠᠶ ᠬᠥᠮᠦᠨ ᠲᠠᠢ ᠬᠠᠷᠢᠯᠴᠠᠵᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠦᠴᠢᠷ ᠲᠦᠪᠡᠭᠲᠡᠶ ᠠᠰᠠᠭᠤᠳᠠᠯ ᠢ ᠲᠤᠬᠠᠶ ᠶᠢᠨ ᠡᠳᠦᠷ ᠲᠤᠨᠢ ᠬᠠᠷᠢᠭᠤᠯᠤᠨ᠂ ᠴᠢᠬᠤᠯᠠ ᠶᠡᠭᠡ ᠵᠦᠢᠯᠡᠰ ᠢ ᠮᠥᠷᠳᠡᠨ ᠭᠦᠢᠴᠡᠳᠬᠡᠵᠦ᠂ ᠪᠣᠭᠤᠮᠲᠠ ᠪᠠᠷ ᠥᠩᠭᠡᠷᠡᠬᠦ ᠠᠯᠬᠤᠮ ᠳᠠᠷᠠᠭᠠᠯᠠᠯ ᠢ ᠰᠢᠯᠢᠳᠡᠭᠵᠢᠭᠦᠯᠦᠨ᠂ ᠬᠤᠣᠰ ᠴᠢᠷᠦᠭᠦᠯ ᠲᠡᠷᠭᠡᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠬᠤᠣᠰ ᠴᠢᠷᠦᠭᠦᠯ ᠲᠡᠷᠭᠡ ᠪᠠᠷ ᠨᠡᠭᠦᠷᠡᠰᠦ ᠠᠴᠢᠶᠠᠯᠠᠬᠤ ᠶᠢ ᠪᠡᠶᠡᠯᠡᠭᠦᠯᠦᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠨᠠᠷᠢᠯᠢᠭ  ᠤᠨᠤᠪᠴᠢᠲᠠᠢ ᠪᠠᠷ ᠪᠠᠳᠠᠷᠠᠭᠤᠯᠬᠤ ᠶᠢ ᠦᠨᠡᠨᠬᠦ ᠪᠠᠲᠤᠯᠠᠪᠠ᠃      ᠭᠤᠷᠪᠠ ᠳᠤ᠂ ︽H986 ᠬᠢᠨᠠᠨ ᠪᠠᠶᠢᠴᠠᠭᠠᠯᠲᠠ+ ᠬᠥᠮᠦᠨ ᠤ ᠬᠦᠴᠦ ᠪᠠᠷ ᠪᠠᠶᠢᠴᠠᠭᠠᠨ ᠰᠢᠯᠭᠠᠬᠤ︾ ᠠᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ H986 ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠂ ᠣᠶᠤᠨᠴᠢ ᠬᠢᠨᠠᠬᠤ ᠰᠢᠰᠲ᠋ᠧᠮ ᠤᠨ ᠬᠡᠷᠡᠭᠯᠡᠯᠲᠡ ᠶᠢ ᠰᠢᠯᠢᠳᠡᠭᠵᠢᠭᠦᠯᠵᠦ᠂ ᠨᠠᠷᠢᠯᠢᠭ  ᠤᠨᠤᠪᠴᠢᠲᠠᠢ ᠪᠠᠷ ᠪᠠᠶᠢᠷᠢᠯᠠᠭᠤᠯᠤᠨ ᠡᠵᠡᠮᠳᠡᠬᠦ ᠶᠢ ᠪᠡᠶᠡᠯᠡᠭᠦᠯᠦᠨ᠂ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠳᠤ ᠬᠦᠴᠦᠨ ᠨᠡᠮᠡᠷᠢᠯᠡᠪᠡ᠃ ᠣᠳᠣᠬᠠᠨ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠪᠠᠷ  ᠦᠩᠭᠡᠷᠡᠭᠰᠡᠨ ᠪᠠᠷᠠᠭᠠᠨ ᠤ ᠬᠡᠮᠵᠢᠶ᠎ᠡ 228.77 ᠲᠦᠮᠡᠨ ᠲᠣᠨ ᠳᠤ ᠬᠦᠷᠴᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠨᠢ 226.65 ᠲᠦᠮᠡᠨ ᠲᠣᠨ᠂ ᠭᠠᠳᠠᠭᠠᠳᠤ ᠳᠤ ᠭᠠᠷᠭᠠᠭᠰᠠᠨ ᠨᠢ2.12 ᠲᠦᠮᠡᠨ ᠲᠣᠨ ᠳᠤ ᠬᠦᠷᠴᠦ᠂ ᠬᠤᠣᠰ ᠴᠢᠷᠦᠭᠦᠯ ᠲᠡᠷᠭᠡ ᠨᠡᠶᠢᠲᠡ 849᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 11.97 ᠲᠦᠮᠡᠨ ᠲᠣᠨ ᠳᠤ ᠬᠦᠷᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号