ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠧᠷᠠᠮᠫᠦ᠋ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/11/12
    ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 7 ᠤ ᠴᠠᠬᠢᠯᠭᠠᠨ ᠮᠡᠳᠡᠭᠡ 11 ᠳ᠋ᠦ᠋ᠭᠡᠷ ᠰᠠᠷ᠎ᠠ ᠶᠢᠨ 7 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ᠂ ᠳ᠋ᠣᠨᠠᠣᠳ᠋ · ᠲᠧᠷᠠᠮᠫᠦ᠋ ᠶᠢᠨ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃    ᠰᠢ ᠶᠢᠨ ᠫᠢᠩ ᠵᠢᠭᠠᠵᠤ ᠭᠠᠷᠭᠠᠬᠤ ᠳᠤ ᠪᠠᠨ᠂ ᠳᠤᠮᠳᠠᠳᠤ ᠠᠮᠧᠷᠢᠺᠠ ᠬᠠᠮᠲᠤᠷᠠᠪᠠᠯ ᠬᠤᠶᠠᠷ ᠲᠠᠯ᠎ᠠ ᠳᠤ ᠨᠢ ᠴᠥᠮ ᠠᠰᠢᠭᠲᠠᠢ᠂ ᠲᠡᠮᠡᠴᠡᠯᠳᠦᠪᠡᠯ ᠬᠤᠶᠠᠷ ᠲᠠᠯ᠎ᠠ ᠳᠤ ᠨᠢ ᠴᠥᠮ ᠬᠤᠬᠢᠷᠠᠯ ᠤᠴᠠᠷᠠᠨ᠎ᠠ ᠭᠡᠳᠡᠭ ᠢ ᠲᠡᠦᠬᠡ ᠪᠢᠳᠡᠨ ᠳᠤ ᠬᠡᠯᠡᠵᠦ ᠥᠭᠴᠡᠢ᠃ ᠲᠣᠭᠲᠠᠭᠤᠨ᠂ ᠡᠷᠡᠭᠦᠯ ᠪᠥᠭᠡᠳ ᠦᠷᠭᠦᠯᠵᠢᠯᠡᠭᠦ᠋ᠢᠴᠡ ᠬᠥᠭᠵᠢᠯᠲᠡ ᠲᠠᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠬᠢᠭᠡᠳ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠨᠡᠶᠢᠴᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠵᠠᠷᠴᠢᠮ ᠢ ᠪᠠᠷᠢᠮᠲᠠᠯᠠᠵᠤ᠂ ᠶᠠᠷᠢᠯᠴᠠᠭ᠎ᠠ ᠣᠶᠢᠯᠠᠭᠠᠯᠴᠠᠭ᠎ᠠ ᠪᠠᠨ ᠴᠢᠩᠭᠠᠳᠬᠠᠨ᠂ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠰᠢᠨ᠎ᠡ ᠴᠠᠭ ᠦᠶ᠎ᠡ ᠳᠠᠬᠢ ᠳᠤᠮᠳᠠᠳᠤ ᠠᠮᠧᠷᠢᠺᠠ ᠶᠢᠨ ᠵᠥᠪ ᠣᠨᠣᠪᠴᠢᠲᠠᠢ ᠬᠠᠷᠢᠯᠴᠠᠬᠤ ᠵᠠᠮ ᠢᠶᠠᠷ ᠵᠠᠮᠨᠠᠨ᠂ ᠬᠤᠶᠠᠷ ᠤᠯᠤᠰ ᠲᠤ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ ᠭᠡᠵᠡᠢ᠃    ᠲᠣᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠴᠠᠬᠢᠯᠭᠠᠨ ᠮᠡᠳᠡᠭᠡ ᠶᠠᠪᠤᠭᠤᠯᠵᠤ᠂ ᠵᠠᠮᠧᠰ · ᠸᠠᠨ᠋ᠰ ᠤᠨ ᠠᠮᠧᠷᠢᠺᠠ ᠶᠢᠨ ᠳᠡᠳ᠋ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号