ᠪᠦᠬᠦ ᠬᠤᠰᠢᠭᠤᠨ ᠤ ᠲᠠᠪᠤᠳᠤᠭᠠᠷ ᠤᠳᠠᠭᠠᠨ ᠤ ︿︿ᠠᠨᠠᠨᠳᠠ﹀﹀ ᠬᠤᠨᠳᠠᠭᠠᠲᠤ ᠰᠢᠨᠵᠢᠯᠡᠭᠡ ᠮᠡᠷᠭᠡᠵᠢᠯ ᠤᠨ ᠡᠭᠦᠳᠦᠨ ᠪᠦᠲᠦᠭᠡᠯᠲᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/11/15
      10 ᠰᠠᠷ᠎ᠠ ᠶᠢᠨ 29᠎ ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ︿︿ᠠᠨᠠᠨᠳᠠ﹀﹀ ᠬᠠᠮᠳᠣᠯᠢᠭ ᠠᠴᠠ ᠬᠠᠮᠵᠢᠨ ᠡᠷᠭᠢᠯᠡᠭᠰᠡᠨ ᠲᠠᠪᠤᠳᠤᠭᠠᠷ ᠤᠳᠠᠭᠠᠨ ᠤ ︿︿ᠠᠨᠠᠨᠳᠠ﹀﹀ ᠬᠤᠨᠳᠠᠭᠠᠲᠤ ᠰᠢᠨᠵᠢᠯᠡᠭᠡ ᠮᠡᠷᠭᠡᠵᠢᠯ ᠤᠨ ᠡᠭᠦᠳᠦᠨ ᠪᠦᠲᠦᠭᠡᠯᠲᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠲᠤ ᠶᠠᠪᠤᠭᠳᠠᠪᠠ  ᠃      ᠲᠤᠰ ᠤᠳᠠᠭᠠᠨ ᠤ ᠤᠷᠤᠯᠳᠤᠭᠠᠨ ᠢ ᠰᠤᠷᠭᠠᠭᠤᠯᠢ ᠶᠢᠨ ᠬᠦᠷᠢᠶᠡᠨ ᠤ ᠳᠤᠭᠤᠢᠢᠯᠠᠩ ᠪᠠ ᠨᠡᠶᠢᠭᠡᠮ ᠤᠨ ᠳᠤᠭᠤᠢᠢᠯᠠᠩ ᠭᠡᠵᠦ ᠬᠤᠶᠠᠷ ᠳᠤᠭᠤᠢᠯᠠᠩ ᠬᠤᠪᠢᠶᠠᠨ ᠶᠠᠪᠤᠭᠳᠠᠭᠤᠯᠵᠠᠢ᠃ ᠨᠡᠷ᠎ᠡ ᠮᠡᠳᠡᠭᠦᠯᠦᠭᠰᠡᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠪᠦᠲᠦᠭᠡᠯ 112᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠷᠠᠨ ᠵᠢᠷᠤᠭ ᠤᠨ ᠪᠦᠲᠦᠭᠡᠯ 209 ᠪᠠᠶᠢᠵᠤ᠂ ᠨᠡᠶᠢᠭᠡᠮ ᠨᠡᠶᠢᠲᠡ ᠠᠴᠠ 12 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠪᠦᠲᠦᠭᠡᠯ ᠡᠯᠰᠡᠵᠦ᠂ ᠪᠥᠬᠦ ᠬᠤᠰᠢᠭᠤᠨ ᠤ 300 ᠰᠢᠬᠠᠮ ᠪᠦᠲᠦᠭᠡᠯ ᠢ ᠤᠷᠤᠯᠳᠤᠭᠠᠨ ᠳᠤ ᠣᠷᠣᠯᠴᠠᠭᠤᠯᠵᠤ᠂ ᠮᠠᠯ ᠠᠵᠤ ᠠᠬᠤᠶ ᠶᠢᠨ ᠬᠥᠭᠵᠢᠯᠲᠡ᠂ ᠣᠶᠤᠨᠴᠢ ᠠᠮᠢᠳᠤᠷᠠᠯ᠂ ᠠᠭᠠᠷ ᠤᠨ ᠠᠶᠠᠯᠠᠯ᠂ ᠰᠠᠨᠰᠠᠷ ᠤᠨ ᠠᠶᠠᠯᠠᠯ ᠵᠡᠷᠭᠡ ᠣᠯᠠᠨ ᠲᠠᠯ᠎ᠠ ᠳᠤ ᠬᠤᠯᠪᠣᠭᠳᠠᠵᠠᠶ  ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳᠠᠪᠰᠢᠯᠲᠤ ᠵᠡᠷᠭᠡ ᠤᠳᠤᠷᠢᠳᠤᠯᠭ᠎ᠠ ᠱᠠᠩᠨᠠᠯ ᠣᠯᠭᠤᠬᠤ ᠶᠣᠰᠣᠯᠠᠯ ᠳᠤ ᠣᠷᠣᠯᠴᠠᠭᠰᠠᠨ ᠪᠥᠭᠡᠳ ᠲᠤᠬᠠᠢ ᠶᠢᠨ ᠲᠠᠯᠠᠪᠠᠢ ᠳᠤ ᠣᠷᠣᠯᠴᠠᠭᠰᠠᠨ ᠬᠥᠮᠦᠰ ᠲᠠᠢ ᠬᠠᠮᠲᠤ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠦᠵᠡᠭᠦᠯᠦᠯᠭᠡ ᠶᠢᠨ ᠲᠠᠪᠴᠠᠩ ᠤᠨ ᠡᠮᠦᠨ᠎ᠡ᠂ ᠤᠷᠤᠯᠳᠤᠭᠠᠨ ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠥᠪᠡᠷᠰᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠨᠠᠷᠢᠨ ᠲᠠᠶᠢᠯᠪᠤᠷᠢᠯᠠᠵᠤ᠂ ᠣᠯᠠᠨ ᠤ ᠰᠠᠶᠢᠨ ᠦᠨᠡᠯᠡᠯᠲᠡ ᠶᠢ ᠣᠯᠵᠠᠶ  ᠃      ᠠᠵᠢᠯᠯᠠᠭ᠎ᠠ ᠳᠤᠮᠳᠠ᠂ ᠵᠡᠭᠦᠨ ᠦᠵᠦᠮᠦᠴᠢᠨ ᠬᠤᠰᠢᠭᠤᠨ ᠤ ᠬᠠᠨ ᠬᠠᠶᠢᠷᠬᠠᠨ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠤᠷᠤᠯᠳᠤᠭᠠᠨ ᠢ ᠳᠠᠭᠠᠭᠠᠴᠢᠯᠠᠨ ᠡᠷᠬᠢᠯᠡᠭᠰᠡᠨ ᠪᠠᠶᠢᠭᠤᠯᠭ᠎ᠠ ᠪᠣᠯᠬᠤ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠤ 2000 ᠲᠥᠭᠦᠷᠢᠭ ᠤᠨ ᠦᠷᠳᠡᠭ ᠪᠦᠬᠦᠢ ᠨᠣᠮ ᠪᠡᠯᠡᠭᠯᠡᠪᠡ  ᠃      ᠰᠢᠨᠵᠢᠯᠡᠭᠡ ᠮᠡᠷᠭᠡᠵᠢᠯ ᠤᠨ ᠡᠭᠦᠳᠦᠨ ᠪᠦᠲᠦᠭᠡᠯᠲᠡ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠭᠰᠡᠨ ᠨᠢ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤᠷ᠎ᠠ ᠪᠠᠭ᠋ᠠᠲᠠᠳ ᠲᠤ ᠰᠣᠯᠢᠯᠴᠠᠭ᠎ᠠ ᠦᠵᠡᠭᠦᠯᠦᠯᠭᠡ ᠶᠢᠨ ᠲᠠᠪᠴᠠᠩ ᠬᠠᠩᠭᠠᠵᠤ᠂ ᠣᠯᠠᠨ ᠤ ᠰᠢᠨ᠎ᠡ ᠶᠢ ᠡᠭᠦᠳᠬᠦ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠠᠷᠠᠳ ᠢᠶᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠠᠶᠢᠷᠠᠯᠠᠬᠤ᠂  ᠰᠢᠨ᠎ᠡ ᠶᠢ ᠡᠭᠦᠳᠬᠦ ᠶᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号