ᠭᠠᠬᠢᠯ ᠰᠤᠮᠤᠨ ᠤ ᠡᠷᠢᠶᠡᠨᠭᠤᠪᠢ ᠭᠠᠴᠠᠭ᠎ᠠ ᠨᠢ ᠬᠢᠮᠳᠠ ᠦᠨ᠎ᠡ ᠶᠢᠨ ᠡᠪᠡᠰᠦ ᠲᠦᠭᠡᠭᠡᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/11/15
      ᠭᠠᠴᠠᠭᠠᠨ ᠤ ᠬᠠᠮᠲᠤ ᠶᠢᠨ ᠠᠵᠤ ᠠᠬᠤᠢ ᠶᠢᠨ ᠦᠷ᠎ᠡ ᠠᠰᠢᠭ ᠢ ᠭᠦᠢᠴᠡᠳ ᠠᠰᠢᠭᠯᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠦᠷ᠎ᠡ ᠠᠰᠢᠭ  ᠢ ᠮᠠᠯᠴᠢᠳ ᠲᠤ  ᠬᠦᠷᠲᠡᠭᠡᠵᠦ᠂ ᠠᠷᠠᠳ ᠤᠨ ᠲᠥᠯᠥᠭᠡ ᠦᠨᠡᠨ ᠬᠦ ᠪᠣᠳᠠᠲᠠᠢ ᠠᠵᠢᠯ ᠬᠢᠬᠦ ᠶᠢᠨ ᠲᠥᠯᠥᠭᠡ᠂ ᠭᠠᠬᠢᠯ ᠰᠤᠮᠤᠨ ᠤ ᠡᠷᠢᠶᠡᠨᠭᠤᠪᠢ ᠭᠠᠴᠠᠭᠠᠨ ᠤ ︽ᠬᠤᠶᠠᠷ ᠵᠥᠪᠯᠡᠯ︾᠎ ᠨᠢ ᠬᠠᠮᠲᠤ ᠶᠢᠨ ᠠᠵᠤ ᠠᠬᠤᠢ ᠶᠢᠨ ᠪᠣᠳᠠᠲᠤ ᠪᠠᠶᠢᠳᠠᠯ ᠪᠠ ᠭᠠᠴᠠᠭᠠᠨ ᠤ ᠮᠠᠯᠴᠢᠳ ᠤᠨ ᠡᠪᠡᠰᠦᠨ ᠤ ᠨᠥᠭᠡᠴᠡᠯᠡᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠭᠠᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠠᠴᠠ ᠰᠤᠳᠤᠯᠤᠨ  ᠶᠠᠷᠢᠯᠴᠠᠵᠤ᠂ ︽ᠮᠠᠯᠴᠢᠨ ᠲᠦᠮᠡᠨ ᠳᠤ ᠪᠣᠳᠠᠲᠠᠢ ᠠᠵᠢᠯ ᠬᠢᠬᠦ︾ ᠡᠪᠡᠰᠦ  ᠲᠦᠭᠡᠭᠡᠬᠦ ᠠᠵᠢᠯᠯᠠᠭ᠎ᠠ ᠶᠢ ᠦᠷᠨᠢᠭᠦᠯᠬᠦ ᠪᠠᠷ  ᠲᠤᠭᠲᠠᠪᠠ᠃      ᠡᠨᠡ ᠵᠢᠯ᠂ ᠡᠷᠢᠶᠡᠨᠭᠤᠪᠢ ᠭᠠᠴᠠᠭ᠎ᠠ ᠨᠢ ᠮᠠᠯᠴᠢᠳ ᠤᠨ ᠡᠪᠦᠯ ᠬᠠᠪᠤᠷ ᠤᠨ ᠤᠯᠠᠷᠢᠯ ᠢ ᠦᠩᠭᠡᠷᠡᠭᠦᠯᠬᠦ ᠳᠤ ᠴᠢᠬᠤᠯᠠ ᠪᠠᠲᠤᠯᠠᠭ᠎ᠠ ᠬᠠᠩᠭᠠᠬᠤ ᠶᠢᠨ ᠲᠤᠰᠠᠳᠠ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠤᠷᠢᠳᠴᠢᠯᠠᠨ ᠠᠷᠭ᠎ᠠ ᠰᠦᠪᠡᠭᠴᠢᠯᠡᠵᠦ᠂  ᠭᠠᠴᠠᠭᠠᠨ ᠤ 17800 ᠮᠦ ᠬᠠᠮᠲᠤ ᠶᠢᠨ ᠪᠡᠯᠴᠢᠭᠡᠷ ᠲᠤ ᠡᠪᠡᠰᠦ ᠬᠠᠳᠤᠵᠤ᠂ 41266 ᠪᠣᠭᠤᠵᠢ ᠪᠠᠴᠢᠮ ᠪᠠᠶᠢᠳᠠᠯ ᠢ ᠠᠷᠭᠠᠴᠠᠬᠤ ᠡᠪᠡᠰᠦ ︵ᠪᠣᠭᠤᠵᠢ ᠪᠦᠷᠢ 80 ᠵᠢᠩ︶ ᠨᠥᠭᠡᠴᠡᠯᠡᠵᠦ ᠠᠪᠤᠪᠠ᠃      11 ᠰᠠᠷ᠎ᠠ ᠶᠢᠨ 6᠎ ᠤ ᠡᠳᠦᠷ᠂ ᠡᠪᠡᠰᠦ ᠲᠦᠭᠡᠭᠡᠬᠦ ᠠᠵᠢᠯᠯᠠᠭ᠎ᠠ ᠨᠢ ᠳᠤᠭᠤᠶᠢᠯᠠᠩ ᠬᠤᠪᠢᠶᠠᠬᠤ ᠬᠡᠯᠪᠡᠷᠢ ᠪᠠᠷ ᠡᠮᠬᠢ ᠵᠢᠷᠤᠮ ᠲᠠᠢ ᠶᠠᠪᠤᠭᠳᠠᠪᠠ᠃ ᠲᠤᠬᠠᠢ ᠶᠢᠨ ᠲᠠᠯᠠᠪᠤᠷ ᠲᠤ  ᠂ ᠭᠠᠴᠠᠭᠠᠨ ᠤ ︽ᠬᠤᠶᠠᠷ ᠵᠥᠪᠯᠡᠯ︾᠎ ᠤᠨ  ᠭᠡᠰᠢᠭᠦᠳ ᠨᠠᠷᠢᠨ ᠨᠢᠮᠪᠠᠢ ᠵᠣᠬᠢᠶᠠᠨ ᠪᠠᠶᠢᠭᠤᠯᠵᠤ᠂ 20020 ᠪᠣᠭᠤᠵᠢ ᠡᠪᠡᠰᠦ ᠶᠢ ᠪᠣᠭᠤᠵᠢ ᠪᠦᠷᠢ ᠳᠤ 10 ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠦᠨ᠎ᠡ ᠪᠠᠷ᠂ ᠡᠷᠦᠬᠡ ᠪᠦᠷᠢ ᠳᠤ 130 ᠪᠣᠭᠤᠵᠢ ᠡᠪᠡᠰᠦ ᠲᠦᠭᠡᠭᠡᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 154 ᠡᠷᠦᠬᠡ ᠬᠠᠮᠲᠤ ᠶᠢᠨ ᠠᠵᠤ ᠠᠬᠤᠢ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠥᠷᠳᠡᠵᠦ᠂ ᠮᠠᠯᠵᠢᠬᠤ ᠡᠷᠦᠬᠡ ᠪᠦᠷᠢ ᠳᠤ ᠳᠤᠮᠳᠠᠴᠢ ᠪᠠᠷ 4420 ᠲᠥᠭᠦᠷᠢᠭ᠂ ᠪᠦᠬᠦ ᠨᠡᠶᠢᠲᠡ68 ᠲᠦᠮᠡᠨ ᠲᠦᠭᠦᠷᠢᠭ ᠤᠨ ᠡᠪᠡᠰᠦᠨ ᠵᠠᠷᠤᠯᠭ᠎ᠠ ᠶᠢ ᠠᠷᠪᠢᠯᠠᠵᠤ᠂ ᠮᠠᠯᠴᠢᠳ ᠤᠨ ᠡᠪᠡᠰᠦ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠭᠠᠴᠠᠭᠠᠨ ᠤ ᠮᠠᠯᠴᠢᠳ ᠤᠨ ᠭᠡᠨᠡᠳᠲᠡ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠎ ᠶᠢᠨ ᠬᠠᠮᠲᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃      ᠡᠷᠢᠶᠡᠨᠭᠤᠪᠢ ᠭᠠᠴᠠᠭ᠎ᠠ ᠨᠢ ᠡᠨᠡ ᠬᠦ ᠠᠵᠢᠯᠯᠠᠭ᠎ᠠ ᠪᠠᠷ ᠳᠠᠮᠵᠢᠭᠤᠯᠤᠨ ᠮᠠᠯᠴᠢᠳ ᠤᠨ ᠡᠪᠡᠰᠦ ᠬᠤᠳᠠᠯᠳᠤᠨ ᠠᠪᠬᠤ ᠥᠪᠡᠷ ᠤᠨ ᠦᠷᠳᠡᠭ ᠢ ᠠᠷᠪᠢᠯᠠᠵᠤ᠂ ᠡᠪᠦᠯ ᠬᠠᠪᠤᠷ ᠤᠨ ᠡᠪᠡᠰᠦ ᠨᠥᠭᠡᠴᠡᠯᠡᠬᠦ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠦᠮᠡᠨ ᠳᠤ ᠪᠣᠳᠠᠲᠤ ᠠᠰᠢᠭ ᠬᠦᠷᠲᠡᠭᠡᠵᠦ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢᠲᠠᠢ ᠲᠥᠷᠥᠭᠳᠡᠯ ᠢ ᠦᠨᠡᠨᠬᠦ ᠳᠡᠭᠡᠭᠰᠢᠯᠡᠭᠦᠯᠵᠦ᠂ ᠬᠠᠮᠲᠤ ᠶᠢᠨ ᠠᠵᠤ ᠠᠬᠤᠢ ᠶᠢ ᠮᠠᠯᠴᠢᠳ ᠤᠨ ᠵᠣᠯ ᠵᠢᠷᠭᠠᠯᠲᠤ ᠠᠮᠢᠳᠤᠷᠠᠯ ᠤᠨ ︽ᠦᠨᠡᠨ ᠲᠦᠰᠢᠭ︾ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠭᠰᠠᠨ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号