ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠣᠭᠤᠯᠵᠦ᠂ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠳᠣᠯᠠᠬᠤ ᠶᠢᠨ ᠲᠦᠯᠦᠭᠡ᠂ 11 | ᠰᠠᠷ᠎ᠠ ᠶᠢᠨ 5 ᠤ ᠡᠳᠦᠷ᠂ ᠤᠯᠢᠶᠠᠰᠤᠲᠠᠢ ᠪᠠᠯᠭᠠᠰᠤᠨ ᠤ ᠬᠠᠯᠠᠭᠠᠶᠢᠲᠤ ᠭᠠᠴᠠᠭᠠᠨ ᠤ ᠨᠠᠮ ᠤᠨ ᠡᠭᠦᠷ ᠨᠢ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠠᠴᠠ ᠡᠮᠦᠨ᠎ᠡ ᠲᠥᠪᠯᠡᠷᠡᠭᠦᠯᠦᠨ ᠰᠤᠷᠤᠯᠴᠠᠵᠤ᠂ ᠭᠠᠴᠠᠭᠠᠨ ᠤ ᠨᠠᠮ ᠤᠨ ᠡᠭᠦᠷ ᠤᠨ ᠱᠦᠵᠢ ᠠᠯᠳᠠᠨᠪᠠᠲᠣ | ᠰᠤᠷᠤᠯᠴᠠᠯᠭ᠎ᠠ ᠶᠢ ᠡᠷᠭᠢᠯᠡᠵᠦ᠂ ᠪᠠᠯᠭᠠᠰᠤᠨ ᠲᠠᠰ ᠤᠨ ᠭᠠᠴᠠᠭ᠎ᠠ ᠲᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭᠠᠨ ᠤ | ︽ᠬᠤᠶᠠᠷ ᠵᠥᠪᠯᠡᠯ︾ ᠤᠨ ᠭᠡᠰᠢᠭᠦᠨ᠂ ᠪᠥᠬᠦ ᠨᠠᠮ ᠤᠨ ᠭᠡᠰᠢᠭᠦᠨ᠂ ᠪᠠᠯᠭᠠᠰᠤᠨ ᠲᠠᠰ ᠤᠨ ᠭᠠᠴᠠᠭ᠎ᠠ | ᠲᠠᠭᠠᠭᠠᠴᠢᠯᠠᠭᠰᠠ ᠺᠠᠳ᠋ᠷ ᠰᠤᠷᠤᠯᠴᠠᠯᠭ᠎ᠠ ᠳᠤ ᠣᠷᠣᠯᠴᠠᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠣᠬᠠᠢ | ᠴᠢᠬᠤᠯᠠ ᠥᠭᠦᠯᠡᠯᠲᠡ ᠪᠠ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠲᠤᠬᠠᠢ ᠴᠢᠬᠤᠯᠠ ᠥᠭᠦᠯᠡᠯᠲᠡ ᠵᠡᠷᠭᠡ ᠪᠠᠷ ᠨᠢᠭᠡᠳᠦᠭᠡᠷ ᠵᠥᠪᠯᠡᠬᠦ ᠰᠡᠳᠦᠪ ᠪᠣᠯᠭᠠᠨ ᠭᠤᠣᠯᠳᠠᠯᠭ᠎ᠠ ᠲᠠᠢ ᠰᠤᠷᠤᠯᠴᠠᠪᠠ᠃ | ᠡᠭᠦᠨ ᠤ ᠬᠠᠮᠲᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠡᠭᠦᠷ ᠤᠨ ᠠᠵᠢᠯ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ | ᠪᠡᠶ᠎ᠡ ᠪᠠᠨ ᠵᠠᠰᠠᠬᠤ ᠪᠠᠷᠢᠮᠵᠢᠶ᠎ᠠ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠢᠳᠭᠡᠯ ᠥᠭᠬᠦ ᠳᠦᠷᠢᠮ︾ ︽ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠳᠦᠷᠢᠮ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ | ︵ᠲᠤᠷᠰᠢᠨ ᠬᠡᠷᠡᠭᠵᠢᠭᠦᠯᠬᠦ︶︾ ᠵᠢᠴᠢ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠤᠨ | ᠳᠦᠷᠢᠮ ᠵᠡᠷᠭᠡ ᠠᠭᠤᠯᠭ᠎ᠠ ᠶᠢ ᠰᠣᠷᠣᠯᠴᠠᠪᠠ ᠃ ᠰᠤᠷᠤᠯᠴᠠᠬᠤ ᠠᠭᠤᠯᠭ᠎ᠠ ᠨᠢ ᠭᠤᠣᠯᠳᠠᠭᠤ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ | ᠬᠤᠯᠪᠣᠭᠳᠠᠯ ᠪᠦᠬᠦᠢ ᠠᠭᠤᠯᠭ᠎ᠠ ᠶᠢᠨ ᠲᠣᠭᠤᠷᠢᠨ ᠳᠤ ᠶᠠᠪᠣᠭᠳᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ ᠪᠠ ᠪᠥᠬᠦ ᠨᠠᠮ ᠤᠨ | ᠭᠡᠰᠢᠭᠦᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢᠨ ᠴᠢᠬᠤᠯᠠ ᠴᠢᠨᠠᠷ ᠪᠠ ᠲᠥᠪ ᠴᠢᠩᠭ᠎ᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠰᠡᠳᠬᠢᠯ ᠰᠠᠨᠠᠭ᠎ᠠ ᠪᠠᠨ ᠰᠣᠯᠢᠯᠴᠠᠬᠤ | ᠬᠦᠳᠡᠯᠭᠡᠭᠡᠨ ᠢ ᠭᠦᠨᠵᠡᠭᠡᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠠᠰᠠᠭᠤᠳᠠᠯ ᠢ ᠪᠦᠬᠦ | ᠲᠠᠯ᠎ᠠ ᠪᠠᠷ ᠡᠮᠬᠢᠯᠡᠵᠦ ᠪᠠᠶᠢᠴᠠᠭᠠᠨ ᠦᠵᠡᠬᠦ ᠬᠡᠷᠡᠭᠲᠡᠢ᠃ ᠲᠣᠰ ᠪᠡᠶ᠎ᠡ ᠶᠢᠨ ᠵᠥᠷᠢᠶ᠎ᠡ ᠪᠠᠨ ᠪᠠᠶᠢᠴᠠᠭᠠᠨ ᠵᠠᠳᠠᠯᠣᠭᠰᠠᠨ | ᠰᠠᠭᠤᠷᠢᠨ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠬᠠᠷᠢᠭᠤ ᠲᠤᠰᠬᠠᠭᠰᠠᠨ ᠰᠠᠨᠠᠯ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠬᠠᠷᠢᠴᠠᠭᠤᠯᠤᠨ᠂ ᠬᠤᠪᠢ | ᠬᠥᠮᠥᠨ ᠤ ᠶᠠᠷᠢᠶᠠᠨ ᠤ ᠮᠠᠲ᠋ᠧᠷᠢᠶᠠᠯ ᠢᠶᠠᠨ ᠨᠠᠷᠢᠨ ᠬᠢᠨᠠᠮᠠᠭᠠᠢ ᠪᠢᠴᠢᠵᠦ᠂ ᠠᠰᠠᠭᠤᠳᠠᠯ ᠤᠨ ᠡᠬᠢ ᠰᠤᠷᠪᠤᠯᠵᠢ ᠶᠢ | ᠭᠦᠨᠵᠡᠭᠡᠢ ᠵᠠᠳᠠᠯᠤᠨ ᠰᠢᠨᠵᠢᠯᠡᠵᠦ᠂ ᠬᠠᠨᠳᠣᠯᠭᠠᠳᠣ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ | ᠲᠣᠭᠲᠠᠭᠠᠬᠤ ᠬᠡᠷᠡᠭᠲᠡᠢ᠃ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ ᠬᠤᠪᠢᠳᠠᠨ ᠬᠠᠮᠢᠶᠠᠷᠴᠤ ᠪᠠᠶᠢᠭ᠎ᠠ | ᠬᠠᠷᠢᠶᠠᠨ ᠳᠠᠬᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ᠂ ᠭᠠᠴᠠᠭᠠᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ | ᠦᠨᠳᠦᠰᠦᠨ ᠪᠠᠷᠢᠮᠵᠢᠶ᠎ᠠ ᠪᠣᠯᠭᠠᠨ ᠪᠣᠳᠠᠲᠠᠢ ᠦᠷ᠎ᠡ ᠪᠦᠲᠦᠮᠵᠢ ᠪᠠᠷ ᠬᠡᠮᠵᠢᠵᠦ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠣ ᠵᠢᠭᠠᠵᠣ ᠭᠠᠷᠭᠠᠪᠠ᠃ | ᠬᠤᠷᠠᠯ ᠤᠨ ᠳᠠᠷᠠᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ᠂ ᠬᠤᠷᠠᠯ ᠳᠤ ᠣᠷᠣᠯᠴᠠᠭᠰᠠᠨ | ᠨᠠᠮ ᠤᠨ ᠭᠡᠰᠢᠭᠦᠳ ᠬᠤᠭᠤᠷᠣᠨᠳᠤ ᠪᠠᠨ ᠰᠡᠳᠬᠢᠯ ᠰᠠᠨᠠᠭ᠎ᠠ ᠪᠠᠨ ᠰᠣᠯᠢᠯᠴᠠᠬᠤ ᠬᠦᠳᠡᠯᠭᠡᠭᠡᠨ ᠶᠠᠪᠣᠭᠳᠠᠭᠤᠯᠪᠠ᠃ |