ᠰᠠᠮᠠᠢ ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠨᠢ 2024 ᠣᠨ ᠤ ᠠᠷᠪᠠᠨ ᠲᠠᠪᠤᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/18
      10 ᠰᠠᠷ᠎ᠠ ᠶᠢᠨ 31᠎ ᠤ ᠡᠳᠦᠷ᠂ ᠰᠠᠮᠠᠢ ᠰᠣᠮᠤᠨ ᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯ ᠳᠤᠭᠤᠶᠢᠯᠠᠩ ᠨᠢ 2024 ᠣᠨ ᠤ  ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠣᠳᠣᠯᠣᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠷᠡᠶᠢᠪᠠᠨᠽᠠᠷ ᠨᠥᠬᠦᠷ ᠡᠷᠭᠢᠯᠡᠵᠦ᠂ ᠰᠤᠮᠤᠨ ᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠵᠤ᠂ ᠲᠣᠭᠤᠷᠢᠨ ᠰᠣᠨᠣᠰᠬᠤ  ᠠᠵᠢᠯ ᠤᠨ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ  ᠳᠤ᠂《 ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠎ ᠤᠨ ᠲᠥᠪ ᠬᠤᠷᠢᠶᠠᠨ ᠤ ᠲᠣᠭᠲᠠᠭᠠᠯ 》᠎ ᠢ ᠬᠠᠮᠲᠤ ᠪᠠᠷ ᠰᠤᠷᠤᠯᠴᠠᠪᠠ᠃ ᠨᠠᠮ ᠤᠨ ᠬᠤᠷᠢᠶᠠᠨ ᠤ ᠭᠡᠰᠢᠭᠦᠨ ᠬᠤᠪᠢ ᠬᠥᠮᠦᠨ ᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠲᠣᠭᠤᠷᠢᠨ ᠰᠣᠨᠣᠰᠬᠤ ᠠᠵᠢᠯ ᠤᠨ ᠳᠤᠭᠤᠶᠢᠯᠠᠩ ᠨᠢ ᠮᠠᠨ ᠤ ᠰᠤᠮᠤᠨ ᠤ ᠰᠤᠷᠤᠯᠴᠠᠵᠤ ᠰᠤᠳᠤᠯᠤᠨ ᠶᠠᠷᠢᠯᠴᠠᠭᠰᠠᠨ ᠪᠠᠶᠢᠳᠠᠯ ᠢ ᠭᠦᠢᠴᠡᠳ ᠨᠤᠲᠠᠯᠠᠵᠤ᠂ ᠲᠤᠰ ᠤᠳᠠᠭᠠᠨ ᠤ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠳᠤ ᠭᠦᠢᠴᠡᠳ ᠪᠡᠯᠡᠳᠬᠡᠯ ᠬᠢᠵᠦ᠂ ᠭᠤᠣᠯ ᠰᠡᠳᠦᠪ ᠨᠢ ᠢᠯᠡ ᠲᠣᠳᠣ᠂ ᠲᠡᠰ ᠳᠠᠷᠠᠭᠠᠯᠠᠯ ᠨᠢ ᠵᠢᠷᠤᠮᠵᠢᠯ ᠲᠠᠢ᠂ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠰᠤᠳᠤᠯᠤᠨ ᠶᠠᠷᠢᠯᠴᠠᠵᠤ ᠰᠣᠯᠢᠯᠴᠠᠬᠤ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ ᠡᠭᠦᠨ ᠤ ᠬᠠᠮᠲᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠰᠠᠶᠢᠲᠤᠷ ᠠᠳᠬᠤᠬᠤ ᠲᠤᠬᠠᠶ ᠭᠤᠷᠪᠠᠨ ᠰᠠᠨᠠᠭᠤᠯᠭ᠎ᠠ ᠳᠤᠷᠠᠳᠪᠠ᠄ ᠨᠢᠭᠡ ᠳᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠥᠬᠦ ᠲᠠᠯ᠎ᠠ ᠪᠠᠷ ᠰᠤᠷᠤᠯᠴᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠶ︔ ᠬᠤᠶᠠᠷ ᠲᠤ᠂ ᠭᠦᠨᠵᠡᠭᠡᠢ ᠰᠤᠳᠤᠯᠵᠤ ᠨᠢᠮᠪᠠᠢ ᠣᠶᠢᠯᠠᠭᠠᠬᠤ ᠎ ᠶᠢ ᠪᠠᠷᠢᠮᠲᠠᠯᠠᠵᠤ᠂ ᠪᠦᠬᠦ ᠲᠠᠯ᠎ᠠ ᠪᠠᠷ ᠡᠵᠡᠮᠳᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ︔ ᠭᠤᠷᠪᠠ ᠳᠤ᠂ ᠰᠤᠷᠤᠭᠰᠠᠨ ᠎ ᠢᠶᠠᠨ ᠬᠡᠷᠡᠭᠯᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃      ᠬᠤᠷᠠᠯ ᠠᠴᠠ᠂ ᠨᠢᠭᠡ ᠳᠤ᠂ ᠭᠦᠨᠵᠡᠭᠡᠢ ᠰᠤᠷᠤᠯᠴᠠᠵᠤ ᠨᠡᠪᠳᠡᠷᠡᠳᠡᠯ᠎ᠡ ᠣᠶᠢᠯᠠᠭᠠᠬᠤ ᠳᠡᠭᠡᠷ᠎ᠡ ᠬᠦᠴᠦ ᠣᠷᠣᠭᠤᠯᠬᠤ ᠬᠡᠷᠡᠭᠲᠡᠢ᠃ ᠪᠥᠬᠦ ᠰᠣᠮᠣᠨ ᠤ ᠡᠯ᠎ᠡ ᠱᠠᠲᠤ ᠪᠠᠷ ᠢᠶᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠤᠳᠤᠷᠢᠳᠬᠤ ᠺᠠᠳ᠋ᠷ ᠤᠨ ᠳᠠᠭᠠᠭᠤᠯᠤᠨ ᠰᠤᠷᠤᠯᠴᠠᠬᠤ ᠰᠤᠷᠤᠯᠴᠠᠯᠭ᠎ᠠ ᠎ ᠶᠢ ᠠᠬᠢᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂《 ᠵᠠᠩᠭᠢᠯᠠᠭ᠎ᠠ ᠶᠢᠨ ᠴᠥᠭᠡᠨ ᠲᠣᠭᠠᠲᠠᠨ 》᠎ ᠢᠶᠠᠷ《 ᠵᠣᠩᠬᠢᠯᠠᠬᠤ ᠣᠯᠠᠨ ᠲᠣᠭᠠᠲᠠᠨ 》᠎ ᠢ ᠳᠠᠶᠢᠴᠢᠯᠠᠵᠤ᠂ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠭᠦᠨᠵᠡᠭᠡᠶ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠣᠨᠣᠪᠴᠢᠲᠠᠶ ᠡᠵᠡᠮᠰᠢᠬᠦ ᠬᠡᠷᠡᠭᠲᠡᠶ᠃ ᠬᠤᠶᠠᠷ ᠲᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠡᠭᠡᠷ᠎ᠡ ᠳᠠᠬᠢᠨ ᠬᠦᠴᠦᠯᠡᠬᠦ ᠬᠡᠷᠡᠭᠲᠡᠶ᠃ ᠡᠯ᠎ᠡ ᠭᠠᠴᠠᠭ᠎ᠠ ᠨᠡᠶᠢᠭᠡᠮ ᠲᠣᠭᠤᠷᠢᠭ ᠳᠠᠭᠠᠴᠢᠯᠠᠭᠰᠠᠨ ᠤᠳᠤᠷᠢᠳᠬᠤ ᠺᠠᠳ᠋ᠷ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂《ᠪᠣᠳᠠᠲᠠᠶ》ᠪᠠᠶᠢᠬᠤ ᠠᠭᠤᠯᠭ᠎ᠠ᠂ ᠠᠮᠢᠳᠤᠯᠢᠭ》ᠠᠷᠭ᠎ᠠ ᠬᠡᠯᠪᠡᠷᠢ᠂《ᠰᠣᠷᠭᠤᠭ》ᠦᠭᠡ ᠬᠡᠯᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠤᠬᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨ ᠤ ᠰᠣᠨᠣᠰᠴᠤ ᠣᠶᠢᠯᠠᠭᠠᠬᠤ ᠦᠭᠡ ᠬᠡᠯᠡ ᠪᠠᠷ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠤᠨ ᠲᠠᠶᠢᠯᠪᠤᠷᠢᠯᠠᠬᠤ《 ᠰᠠᠭᠤᠷᠢᠨ ᠭᠠᠵᠠᠷ》᠎ ᠢ ᠠᠮᠢᠳᠤᠯᠢᠭ ᠢᠶᠠᠷ ᠬᠡᠷᠡᠭᠯᠡᠵᠦ᠂ ᠣᠯᠠᠨ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠣᠨᠣᠯ ᠤᠨ ᠤᠬᠠᠭᠤᠯᠤᠨ ᠲᠠᠶᠢᠯᠪᠤᠷᠢᠯᠠᠬᠤ《ᠡᠴᠦᠰ ᠎ ᠤᠨ ᠨᠢᠭᠡ ᠺᠢᠯᠣᠮᠧᠲᠷ》᠎ ᠢ ᠨᠡᠪᠲᠡᠷᠡᠭᠦᠯᠬᠦ ᠬᠡᠷᠡᠭᠲᠡᠶ᠃ ᠭᠤᠷᠪᠠ ᠳᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠳᠠᠬᠢᠨ ᠬᠦᠴᠦᠯᠡᠬᠦ ᠬᠡᠷᠡᠭᠲᠡᠶ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠯᠴᠠᠬᠤ ᠎ ᠪᠠᠷ ᠠᠵᠢᠯᠯᠠᠬᠤ ᠶᠢ ᠠᠬᠢᠭᠤᠯᠵᠤ᠂ ᠰᠤᠷᠤᠭᠰᠠᠨ ᠢᠶᠠᠨ ᠬᠡᠷᠡᠭᠯᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠦ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂《ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠦᠭᠡᠢ ᠪᠣᠯ ᠡᠭᠦᠷᠢᠳᠡ ᠪᠤᠴᠠᠬᠤ ᠦᠭᠡᠢ》ᠵᠣᠷᠢᠭ ᠰᠠᠨᠠᠭ᠎ᠠ ᠪᠠᠷ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ《ᠬᠠᠮᠤᠭ ᠤᠨ ᠲᠦᠷᠦᠭᠦᠨ ᠳᠤ ᠨᠢᠭᠡ ᠺᠢᠯᠣᠮᠧᠲᠷ》᠎ ᠠᠴᠠ ᠲᠦᠷᠭᠡᠨ ᠡᠬᠢᠯᠡᠭᠦᠯᠵᠦ᠂《ᠬᠠᠮᠤᠭ ᠤᠨ ᠰᠡᠭᠦᠯᠴᠢ ᠶᠢᠨ ᠨᠢᠭᠡ ᠺᠢᠯᠣᠮᠧᠲᠷ》᠎ ᠲᠤ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号