ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠠᠯᠮᠠᠰ ᠨᠡᠷ ᠬᠦᠷᠢᠶᠡᠳᠦᠨᠠᠭᠤᠷ ᠰᠣᠮᠣᠨ ᠳᠤ ᠬᠦᠨᠵᠡᠬᠡᠶᠢᠷᠡᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠣᠳᠣᠯᠵᠣ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/11/20
      11 ᠰᠠᠷ᠎ᠠ ᠶᠢᠨ 8᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠠᠯᠮᠠᠰ ᠨᠡᠷ ᠬᠦᠷᠢᠶᠡᠳᠦᠨᠠᠭᠤᠷ ᠰᠣᠮᠣᠨ ᠳᠤ ᠬᠦᠨᠵᠡᠬᠡᠶᠢᠷᠡᠨ ᠮᠠᠯ ᠠᠵᠣ ᠠᠬᠤᠢ᠂ ᠠᠶᠣᠯᠬᠦᠢ ᠦᠢᠯᠡᠳᠪᠦᠷᠢᠯᠡᠯ ᠵᠡᠷᠬᠡ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠣᠳᠣᠯᠣᠯᠳᠠ ᠬᠢᠨ ᠵᠢᠭᠠᠨ ᠵᠢᠯᠣᠭᠤᠳᠴᠣ᠂ ᠰᠣᠮᠣᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠨᠠᠷ ᠪᠠᠷ᠎ᠠ ᠪᠣᠯᠵᠣ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ᠃      ᠠᠯᠮᠠᠰ ᠨᠠᠷ ᠤᠷᠢᠳ ᠬᠤᠵᠢᠳ ᠬᠦᠲᠦᠯᠠᠣᠪᠤᠭ᠎ᠠ ᠭᠠᠴᠠᠭᠠᠨ ᠤ ᠮᠠᠯᠴᠢᠨ ᠳᠠᠸᠠ ᠶᠢᠨ ᠬᠢᠨ᠂ ᠰᠢᠶᠠᠩ ᠱᠧᠩ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ᠂ ᠪᠠᠶᠢᠳᠠᠯ ᠢ ᠣᠶᠢᠯᠠᠭᠠᠵᠤ ᠬᠠᠮᠲᠤ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠠᠷᠢᠭᠤ ᠮᠡᠳᠡᠭᠦᠯᠦᠯᠲᠡ ᠶᠢ ᠰᠤᠨᠤᠰᠬᠤ ᠵᠡᠷᠭᠡ ᠠᠷᠭ᠎ᠠ ᠬᠡᠯᠪᠡᠷᠢ ᠪᠠᠷ ᠮᠠᠯᠴᠢᠳ ᠤᠨ ᠦᠢᠯᠡᠳᠪᠦᠷᠢᠯᠡᠯ ᠠᠮᠢᠳᠤᠷᠠᠯ᠂ ᠠᠵᠤ ᠠᠬᠤᠢ ᠶᠢᠨ ᠤᠷᠤᠯᠭ᠎ᠠ᠂ ᠰᠠᠭᠤᠷᠢ ᠲᠦᠬᠦᠭᠡᠷᠦᠮᠵᠢ᠂ ᠲᠡᠵᠢᠭᠡᠨ ᠦᠷᠡᠵᠢᠭᠦᠯᠬᠦ ᠮᠡᠷᠭᠡᠵᠢᠯ᠂ ᠮᠠᠯ ᠤᠨ ᠲᠡᠵᠢᠭᠡᠯ ᠪᠣᠷᠳᠤᠭᠠᠨ ᠤ ᠬᠡᠮᠵᠢᠶ᠎ᠡ᠂ ᠮᠠᠯ ᠤᠨ ᠭᠠᠷᠭᠠᠯᠲᠠ᠂ ᠡᠪᠡᠰᠦ ᠪᠤᠷᠳᠤᠭ᠎ᠠ ᠨᠦᠭᠡᠴᠡᠯᠡᠨ ᠬᠡᠷᠡᠭᠯᠡᠬᠦ ᠵᠡᠷᠭᠡ ᠪᠤᠲᠠᠲᠠᠢ ᠪᠠᠶᠢᠳᠠᠯ ᠵᠢᠴᠢ ᠤᠷᠤᠰᠢᠵᠤ ᠪᠠᠶᠢᠭ᠎ᠠ ᠪᠤᠲᠠᠲᠠᠢ ᠬᠦᠴᠢᠷᠳᠡᠯ ᠢ ᠨᠠᠷᠢᠨ ᠤᠢᠢᠯᠠᠭᠠᠵᠠᠢ᠃      ᠠᠯᠮᠠᠰ ᠨᠥᠬᠦᠷ ᠴᠢᠬᠤᠯᠠᠴᠢᠯᠠᠬᠤ ᠳᠠᠭᠠᠨ᠂ ᠨᠢᠭᠡ ᠳᠤ᠂ ᠮᠠᠯ ᠤᠨ ᠭᠠᠷᠭᠠᠯᠲᠠ᠂ ᠡᠪᠡᠰᠦ ᠪᠣᠷᠳᠤᠭ᠎ᠠ ᠨᠥᠭᠡᠴᠡᠯᠡᠬᠦ᠂ ᠨᠠᠮᠤᠷ ᠡᠪᠦᠯ ᠤᠨ ᠤᠯᠠᠷᠢᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠬᠢᠵᠦ᠂ ᠮᠠᠯᠴᠢᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠨᠢ ᠬᠤᠪᠢᠷᠠᠭᠤᠯᠵᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ « ᠴᠥᠭᠡᠨ ᠲᠡᠵᠢᠭᠡᠵᠦ ᠨᠠᠷᠢᠯᠢᠭ ᠲᠡᠵᠢᠭᠡᠬᠦ » ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠵᠤ᠂ ᠡᠪᠦᠯ ᠬᠠᠪᠤᠷ ᠤᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ « ᠬᠤᠤᠰ ᠠᠮᠵᠢᠯᠲᠠ »᠎ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ᠂ ᠤᠬᠠᠭᠤᠯᠤᠨ ᠰᠤᠷᠲᠠᠯᠴᠢᠯᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠲᠡᠵᠢᠭᠡᠨ ᠦᠷᠡᠵᠢᠭᠦᠯᠬᠦ ᠲᠤᠷᠰᠢᠯᠭ᠎ᠠ ᠶᠢ ᠢᠳᠡᠪᠬᠢᠲᠡᠢ ᠤᠬᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠠ ᠦᠵᠡᠭᠦᠯᠭᠦ ᠡᠷᠦᠭᠡ ᠤᠨ ᠲᠠᠭᠠᠭᠤᠯᠤᠭᠴᠢ ᠦᠢᠯᠡᠳᠦᠯ ᠢ ᠦᠨᠡᠨᠬᠦ ᠪᠠᠳᠠᠷᠠᠭᠤᠯᠵᠤ᠂ ᠲᠡᠵᠢᠭᠡᠨ ᠦᠷᠡᠵᠢᠭᠦᠯᠬᠦ ᠶᠢ ᠲᠤᠰᠬᠠᠶᠢᠵᠢᠭᠤᠯᠬᠤ ᠪᠠ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠷᠴᠢᠮᠵᠢᠭᠦᠯᠦᠭᠰᠡᠨ᠂ ᠲᠤᠰᠬᠠᠶᠢᠵᠢᠭᠰᠠᠨ᠂ ᠤᠶᠤᠨᠴᠢᠯᠠᠭᠰᠠᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠴᠢᠷᠮᠠᠶᠢᠨ ᠰᠦᠪᠡᠭᠴᠢᠯᠡᠵᠦ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠨᠢᠭᠡᠨ ᠢᠵᠢ ᠲᠡᠵᠢᠭᠡᠨ ᠦᠷᠡᠵᠢᠭᠦᠯᠬᠦ ᠵᠠᠭᠪᠤᠷ ᠢ ᠭᠠᠷᠭᠠᠵᠤ᠂ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠭᠤᠷᠪᠠ ᠳᠤ᠂ ᠠᠶᠤᠯᠭᠦᠢ ᠦᠢᠯᠡᠳᠪᠦᠷᠢᠯᠡᠯ ᠢ ᠢᠮᠠᠭᠲᠠ ᠴᠢᠩᠭ᠎ᠠ ᠠᠳᠬᠤᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠨᠠᠭᠰᠢᠳᠠ ᠴᠢᠩᠭ᠎ᠠ ᠪᠣᠳᠠᠲᠠᠶᠢᠵᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠮᠠᠷᠬᠠᠨ ᠡᠭᠦᠰᠬᠦ᠂ ᠤᠯᠠᠨ ᠡᠭᠦᠰᠬᠦ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠮ ᠰᠣᠭᠤᠭ ᠢ ᠪᠠᠶᠢᠴᠠᠭᠠᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠪᠦᠯ ᠤᠨ ᠤᠯᠠᠷᠢᠯ ᠤᠨ ᠬᠦᠢᠳᠡᠨ᠂ ᠪᠣᠷᠣᠭᠠᠨ ᠴᠠᠰᠤ ᠮᠥᠰᠥᠲᠦᠯ᠂ ᠬᠦᠢᠳᠡᠨ ᠤᠷᠤᠰᠬᠠᠯ ᠶᠡᠭᠡ ᠰᠠᠯᠬᠢ ᠵᠡᠷᠭᠡ ᠭᠠᠮᠰᠢᠭᠲᠤ ᠴᠠᠭ ᠠᠭᠤᠷ ᠢ ᠨᠢᠭᠲᠠ ᠠᠩᠬᠠᠷᠴᠤ᠂ ᠭᠤᠣᠯᠳᠠᠯᠭ᠎ᠠ ᠲᠠᠢ ᠣᠷᠣᠨ ᠪᠦᠰᠡ ᠶᠢᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠦᠨᠡᠨᠬᠦ ᠪᠠᠲᠤᠯᠠᠨ᠎ᠠ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号