ᠥᠨᠥᠳᠦᠷ ᠵᠡᠭᠦᠨ ᠬᠠᠲᠠᠪᠴᠢ ᠪᠣᠭᠤᠮᠲᠠ ᠭᠠᠳᠠᠭᠠᠲᠤ ᠠᠴᠠ ᠲᠡᠵᠢᠭᠡᠯ ᠡᠪᠡᠰᠦ ᠣᠷᠤᠭᠤᠯᠵᠤ ᠡᠬᠢᠯᠡᠪᠡ
ᠨᠡᠶᠢᠲᠡᠯᠡᠭᠰᠡᠨ ᠴᠠᠭ᠄
2024/11/20
      11 ᠰᠠᠷ᠎ᠠ ᠶᠢᠨ 1 ᠤ ᠡᠳᠦᠷ᠂ 21.8 ᠲᠣᠨ ᠡᠪᠡᠰᠦ ᠪᠣᠷᠳᠤᠭ᠎ᠠ ᠠᠴᠢᠭᠰᠠᠨ ᠠᠴᠢᠶᠠᠨ ᠤ ᠮᠠᠰᠢᠨ ᠵᠡᠭᠦᠨ ᠬᠠᠲᠠᠪᠴᠢ ᠪᠣᠭᠤᠮᠲᠠ ᠪᠠᠷ ᠠᠮᠵᠢᠯᠲᠠ ᠲᠠᠢ ᠣᠷᠣᠵᠤ ᠢᠷᠡᠪᠡ᠂ ᠡᠨᠡ ᠨᠢ 7 ᠵᠢᠯ ᠤᠨ ᠳᠠᠷᠠᠭ᠎ᠠ᠂ ᠵᠡᠭᠦᠨ ᠬᠠᠲᠠᠪᠴᠢ ᠪᠣᠭᠤᠮᠲᠠ ᠭᠠᠳᠠᠭᠠᠳᠤ ᠠᠴᠠ ᠲᠡᠵᠢᠭᠡᠯ ᠡᠪᠡᠰᠦ ᠣᠷᠣᠭᠤᠯᠬᠤ ᠠᠵᠢᠯ ᠢ ᠰᠡᠷᠭᠦᠭᠡᠵᠦ ᠪᠠᠶᠢᠭ᠎ᠠ ᠶᠠᠪᠤᠳᠠᠯ ᠪᠤᠯᠬᠤ ᠶᠤᠮ  ᠃      ᠡᠨᠡ ᠵᠢᠯ ᠠᠴᠠ᠂ ᠵᠡᠭᠦᠨ ᠬᠠᠲᠠᠪᠴᠢ ᠬᠢᠯᠢ ᠶᠢᠨ ᠪᠣᠭᠤᠮᠲᠠ ᠶᠢᠨ ᠬᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠢᠯᠢ ᠶᠢᠨ ᠪᠣᠭᠤᠮᠲᠠ ᠪᠠᠷ ᠥᠩᠭᠡᠷᠡᠬᠦ ᠴᠤᠪᠤᠷᠠᠯ ᠢ ᠰᠢᠯᠢᠳᠡᠭᠵᠢᠭᠦᠯᠦᠨ᠂ ᠬᠢᠯᠢ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠤ ᠬᠠᠮᠲᠤ᠂ ᠮᠣᠩᠭᠤᠯ ᠣᠷᠣᠰ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠭᠠᠳᠠᠭᠠᠳᠤ ᠠᠴᠠ ᠣᠷᠣᠭᠤᠯᠬᠤ ᠲᠥᠷᠥᠯ ᠵᠦᠶᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠲᠡᠵᠢᠭᠡᠯ ᠡᠪᠡᠰᠦ ᠣᠷᠣᠭᠤᠯᠬᠤ ᠠᠵᠤ ᠠᠬᠤᠶᠢᠯᠠᠯ ᠢ ᠢᠳᠡᠪᠬᠢᠲᠡᠶ ᠵᠣᠯᠭᠠᠭᠤᠯᠵᠤ᠂ ᠵᠡᠭᠦᠨ ᠬᠠᠲᠠᠪᠴᠢ ᠬᠢᠯᠢ ᠶᠢᠨ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃      ᠲᠡᠵᠢᠭᠡᠯ ᠡᠪᠡᠰᠦ ᠶᠢ ᠭᠠᠳᠠᠭᠠᠳᠤ ᠠᠴᠠ ᠣᠷᠣᠭᠤᠯᠬᠤ ᠶᠢ ᠰᠡᠷᠭᠦᠭᠡᠭᠰᠡᠨ ᠨᠢ ᠮᠠᠨ ᠤ ᠣᠷᠣᠨ ᠤ ᠨᠤᠲᠤᠭ ᠪᠡᠯᠴᠢᠭᠡᠷ ᠤᠨ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ ᠡᠪᠦᠯ ᠤᠨ ᠤᠯᠠᠷᠢᠯ ᠳᠤ ᠲᠡᠵᠢᠭᠡᠯ ᠡᠪᠡᠰᠦ ᠳᠤᠲᠠᠭᠳᠠᠬᠤ ᠬᠦᠴᠢᠷ ᠠᠰᠠᠭᠤᠳᠠᠯ ᠢ ᠰᠢᠶᠳᠪᠦᠷᠢᠯᠡᠨ᠂ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠬᠤ  ᠶᠢᠨ ᠬᠠᠮᠲᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠲᠡᠭᠡᠭᠡᠪᠦᠷᠢ  ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠳᠤᠮᠳᠠᠳᠤ ᠮᠣᠩᠭᠤᠯ ᠤᠨ ᠬᠢᠯᠢ ᠶᠢᠨ ᠠᠷᠠᠯᠵᠢᠶᠠᠨ ᠤ ᠴᠡᠴᠡᠭᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号