ᠨᠢᠭᠡ ᠳᠤ᠂ ᠪᠣᠭᠤᠮᠲᠠ ᠪᠠᠷ ᠥᠩᠭᠡᠷᠡᠬᠦ ᠬᠦᠴᠦᠨ ᠴᠢᠳᠠᠪᠤᠷᠢ ᠶᠢ ᠴᠢᠩᠭᠠᠷᠠᠭᠤᠯᠵᠤ᠂ ᠬᠢᠯᠢ ᠠᠯᠤᠰᠯᠠᠭᠰᠠᠨ | ᠵᠢᠭᠤᠯᠴᠢᠯᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2024 ᠣᠨ ᠳᠤ ᠰᠢᠨ᠎ᠡ ᠪᠠᠷ ᠪᠠᠷᠠᠭ᠎ᠠ | ᠲᠡᠭᠡᠭᠡᠪᠦᠷᠢ ᠶᠢᠨ ᠵᠠᠮ᠂ ᠪᠣᠭᠤᠮᠲᠠ ᠶᠢᠨ H986 ᠪᠠᠷᠠᠭᠠᠨ ᠤ ᠲᠡᠷᠭᠡ ᠶᠢ ᠪᠠᠶᠢᠴᠠᠭᠠᠨ ᠰᠢᠯᠭᠠᠬᠤ ᠰᠢᠰᠲ᠋ᠧᠮ ᠵᠡᠷᠭᠡ | ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠵᠤ᠂ | ︽ᠠᠶᠠᠨᠴᠢᠳ ᠪᠠ ᠪᠠᠷᠠᠭ᠎ᠠ ᠶᠢ ᠰᠠᠯᠭᠠᠬᠤ︾ ᠶᠢ ᠪᠡᠶᠡᠯᠡᠭᠦᠯᠵᠦ᠂ ᠨᠥᠬᠦᠴᠡᠯ ᠳᠤ ᠨᠡᠶᠢᠴᠡᠬᠦ ᠵᠢᠭᠤᠯᠴᠢᠯᠠᠯ ᠤᠨ | ᠪᠦᠯᠬᠦᠮ ᠪᠠ ᠬᠤᠳᠠᠯᠳᠤᠭᠠᠨ ᠤ ᠶᠠᠪᠤᠳᠠᠯ ᠤᠨ ᠠᠶᠠᠨᠴᠢᠳ ᠲᠤ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠴᠠᠭ | ᠲᠤᠬᠠᠶ ᠳᠤᠨᠢ ᠬᠠᠩᠭᠠᠵᠤ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠠᠷᠠᠭᠠᠨ ᠤ ᠪᠣᠭᠤᠮᠲᠠ ᠪᠠᠷ ᠥᠩᠭᠡᠷᠡᠬᠦ | ᠲᠠᠯ᠎ᠠ ᠪᠠᠷ᠂ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠶᠠᠪᠤᠴᠠ ᠶᠢ ᠰᠢᠯᠢᠳᠡᠭᠵᠢᠭᠦᠯᠵᠦ᠂ ᠪᠠᠶᠢᠴᠠᠭᠠᠨ ᠰᠢᠯᠭᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠷᠠᠭᠠᠨ ᠤ ᠪᠣᠭᠤᠮᠲᠠ ᠪᠠᠷ ᠲᠦᠷᠭᠡᠨ ᠥᠩᠭᠡᠷᠡᠬᠦ ᠶᠢ ᠦᠨᠡᠨᠬᠦ ᠪᠠᠲᠤᠯᠠᠪᠡ᠃ | ᠣᠳᠣᠬᠠᠨ ᠪᠣᠯᠲᠠᠯ᠎ᠠ᠂ ᠪᠣᠭᠤᠮᠲᠠ ᠪᠠᠷ ᠣᠷᠣᠵᠤ ᠭᠠᠷᠬᠤ ᠪᠠᠷᠠᠭᠠᠨ ᠤ ᠲᠡᠷᠭᠡ ᠶᠢᠨ ᠬᠥᠮᠦᠰ 7.02 ᠲᠦᠮᠡᠨ | ᠬᠥᠮᠦᠨ ᠤᠳᠠᠭ᠎ᠠ ᠳᠤ ᠬᠦᠷᠴᠦ᠂ ᠬᠢᠯᠢ ᠪᠠᠷ ᠣᠷᠣᠵᠤ ᠭᠠᠷᠬᠤ ᠫᠠᠰᠫᠣᠷᠲ ᠲᠠᠢ ᠠᠶᠠᠨᠴᠢᠳ 2. 42 ᠲᠦᠮᠡᠨ | ᠬᠥᠮᠦᠨ ᠤᠳᠠᠭ᠎ᠠ ᠳᠤ ᠬᠦᠷᠴᠦ᠂ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠳᠤ | ᠬᠢᠯᠢ ᠪᠠᠷ ᠣᠷᠣᠵᠤ ᠭᠠᠷᠬᠤ ᠨᠡᠪᠲᠡᠷᠡᠬᠦ ᠦᠨᠡᠮᠯᠡᠯ ᠢ ᠨᠡᠶᠢᠲᠡ 184 ᠭᠦᠢᠴᠡᠳᠬᠡᠵᠦ ᠥᠭᠪᠡ᠃ | ᠬᠤᠶᠠᠷ ᠲᠤ᠂ ᠵᠠᠮ ᠬᠠᠷᠢᠯᠴᠠᠭ᠎ᠠ ᠶᠢ ᠬᠤᠯᠪᠣᠬᠤ ᠨᠥᠬᠦᠴᠡᠯ ᠢ ᠰᠠᠶᠢᠵᠢᠷᠠᠭᠤᠯᠵᠤ᠂ ᠬᠢᠯᠢ ᠠᠯᠤᠰᠯᠠᠭᠰᠠᠨ | ᠵᠢᠭᠤᠯᠴᠢᠯᠠᠯ ᠤᠨ ᠵᠠᠮ ᠢ ᠨᠡᠪᠲᠡᠷᠡᠭᠦᠯᠪᠡ᠃ ᠡᠬᠢ ᠪᠠᠶᠠᠯᠢᠭ ᠤᠨ ᠬᠦᠴᠦᠨ ᠢᠶᠠᠨ ᠲᠦᠪᠯᠡᠷᠡᠭᠦᠯᠵᠦ ᠡᠷᠭᠢᠨ | ᠲᠣᠭᠤᠷᠢᠨ ᠤ ᠭᠠᠵᠠᠷ ᠣᠷᠣᠨ ᠯᠤᠭ᠎ᠠ ᠶᠢᠨ ᠣᠯᠠᠨ ᠬᠡᠮᠵᠢᠯᠳᠦ ᠵᠠᠮ ᠬᠠᠷᠢᠯᠴᠠᠭᠠᠨ ᠤ ᠵᠠᠯᠭᠠᠯᠲᠠ ᠶᠢ ᠴᠢᠩᠭᠠᠳᠬᠠᠵᠤ᠂ | ᠵᠠᠰᠠᠮᠠᠯ ᠵᠠᠮ᠂ ᠲᠡᠮᠦᠷ ᠵᠠᠮ ᠵᠡᠷᠭᠡ ᠣᠯᠠᠨ ᠵᠦᠢᠯ ᠤᠨ ᠵᠠᠮ ᠬᠠᠷᠢᠯᠴᠠᠭᠠᠨ ᠤ ᠠᠷᠭ᠎ᠠ ᠬᠡᠯᠪᠡᠷᠢ ᠠᠴᠠ ᠭᠠᠷᠳᠠᠵᠤ᠂ ᠨᠡᠩ | ᠳᠥᠭᠦᠮ ᠳᠥᠲᠡ᠂ ᠥᠨᠳᠥᠷ ᠪᠦᠲᠦᠮᠵᠢᠲᠡᠢ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠪᠠᠶᠢᠭᠤᠯᠪᠡ᠃ ᠲᠡᠮᠦᠷ | ᠵᠠᠮ ᠤᠨ ᠲᠠᠯ᠎ᠠ ᠪᠠᠷ᠄ ᠵᠦᠰᠬᠤᠸᠠ ᠠᠴᠠ ᠵᠡᠭᠦᠨ ᠬᠠᠲᠠᠪᠴᠢ ᠬᠦᠷᠬᠦ ᠲᠡᠮᠦᠷ ᠵᠠᠮ ᠤᠨ ᠪᠦᠬᠦ ᠱᠤᠭᠤᠮ ᠨᠡᠪᠲᠡᠷᠡᠵᠦ᠂ | ᠮᠠᠨ ᠤ ᠤᠯᠤᠰ ᠤᠨ ᠵᠡᠭᠦᠨ ᠬᠤᠶᠢᠲᠤ ᠣᠷᠣᠨ ᠬᠢᠭᠡᠳ ᠮᠣᠩᠭᠤᠯ ᠤᠯᠤᠰ ᠤᠨ ᠲᠡᠭᠡᠭᠡᠪᠦᠷᠢ ᠶᠢᠨ ᠬᠤᠶᠠᠳᠤᠭᠠᠷ | ᠵᠣᠷᠪᠤᠰ ᠲᠡᠮᠦᠷ ᠵᠠᠮ ᠢ ᠪᠤᠢ ᠪᠣᠯᠭᠠᠪᠠ᠃ ᠵᠠᠰᠠᠮᠠᠯ ᠵᠠᠮ ᠤᠨ ᠲᠠᠯ᠎ᠠ ᠪᠠᠷ᠂ ᠪᠣᠭᠤᠮᠲᠠ ᠬᠢᠭᠡᠳ ᠡᠷᠬᠢᠨ ᠲᠣᠭᠤᠷᠢᠨ ᠤ | ᠬᠤᠲᠠ ᠶᠢᠨ ᠵᠠᠰᠠᠮᠠᠯ ᠵᠠᠮ ᠤᠨ ᠲᠣᠤᠷ ᠰᠦᠯᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠤᠭᠠᠴᠠᠭᠰᠠᠳ ᠤᠨ | ᠣᠴᠢᠵᠤ ᠪᠣᠯᠬᠤ ᠴᠢᠨᠠᠷ ᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠪᠣᠭᠤᠮᠲᠠ ᠶᠢᠨ ᠣᠯᠠᠨ ᠤᠯᠤᠰ ᠤᠨ | ᠵᠠᠮ ᠢᠶᠠᠷ ᠬᠢᠯᠢ ᠪᠠᠷ ᠣᠷᠣᠵᠤ ᠭᠠᠷᠤᠭᠰᠠᠨ ᠠᠶᠠᠨᠴᠢᠳ ᠤᠨ ᠲᠡᠷᠭᠡ 746 ᠪᠠᠶᠢᠵᠤ᠂ ᠠᠶᠠᠨᠴᠢᠳ ᠤᠨ | ᠲᠡᠭᠡᠭᠡᠪᠦᠷᠢ ᠶᠢᠨ ᠬᠡᠮᠵᠢᠶ᠎ᠡ 1.418 ᠲᠦᠮᠡᠨ ᠤᠳᠠᠭ᠎ᠠ ᠳᠤ ᠬᠦᠷᠴᠦ᠂ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ | ᠲᠡᠭᠡᠭᠡᠪᠦᠷᠢ ᠶᠢᠨ ᠲᠡᠷᠭᠡ 61133 ᠪᠣᠯᠵᠣ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 241.6611 ᠲᠦᠮᠡᠨ | ᠲᠣᠨ ᠳᠤ ᠬᠦᠷᠪᠡ᠃ | ᠭᠤᠷᠪᠠ ᠳᠤ᠂ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ ᠭᠦᠨ ᠠᠭᠤᠳᠠᠯᠵᠤ᠂ ᠬᠢᠯᠢ ᠠᠯᠤᠰᠯᠠᠭᠰᠠᠨ | ᠵᠢᠭᠤᠯᠴᠢᠯᠠᠯ ᠤᠨ ᠠᠭᠤᠯᠤᠭᠳᠠᠬᠤᠨ ᠢ ᠪᠠᠶᠠᠯᠢᠭᠵᠢᠭᠤᠯᠪᠡ᠃ ᠬᠢᠯᠢ ᠶᠢᠨ ᠡᠯ᠎ᠡ ᠵᠦᠢᠯ ᠤᠨ ᠵᠢᠭᠤᠯᠴᠢᠯᠠᠯ ᠢ ᠲᠦᠯᠬᠢᠨ | ᠠᠬᠢᠭᠤᠯᠪᠡ᠃ ᠤᠯᠤᠰ ᠤᠨ ᠡᠭᠦᠳᠡ᠂ ᠬᠢᠯᠢ ᠶᠢᠨ ᠬᠥᠰᠢᠶ᠎ᠡ ᠶᠢᠨ ᠦᠵᠡᠮᠵᠢ᠂ ᠬᠢᠯᠢ ᠶᠢᠨ ᠱᠤᠭᠤᠮ ᠤᠨ ᠦᠵᠡᠮᠵᠢ᠂ | ᠬᠠᠮᠲᠤᠷᠠᠨ ᠪᠠᠶᠢᠴᠠᠭᠠᠬᠤ ᠦᠵᠡᠮᠵᠢ ᠶᠢᠨ ᠣᠷᠣᠨ ᠵᠡᠷᠭᠡ ᠳᠥᠷᠪᠡᠨ ᠪᠣᠭᠤᠮᠲᠠ ᠶᠢᠨ ᠦᠵᠡᠮᠵᠢ ᠶᠢ ᠪᠤᠶ ᠪᠣᠯᠭᠠᠪᠡ᠃ | ᠠᠶᠢᠮᠠᠭ ᠤᠨ ᠵᠠᠬᠢᠷᠭ᠎ᠠ᠂ ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ ᠲᠠᠢ | ᠢᠳᠡᠪᠬᠢᠳᠡᠢ ᠪᠠᠷ ᠵᠤᠯᠭᠠᠭᠤᠯᠵᠦ᠂ ᠵᠡᠭᠦᠨ ᠬᠠᠲᠠᠪᠴᠢ ᠪᠤᠭᠤᠮᠳᠡ ᠶᠢᠨ ᠬᠢᠯᠢ ᠶᠢᠨ ᠠᠷᠡᠳ ᠤᠨ ᠵᠠᠬ᠎ᠠ ᠶᠢᠨ | ᠠᠷᠠᠯᠵᠢᠶᠠᠨ ᠤ ᠲᠤᠭᠤᠷᠢᠭ ᠤᠨ ᠪᠦᠳᠦᠭᠡᠨ ᠪᠠᠢᠭᠤᠯᠥᠯᠳᠡ ᠶᠢᠨ ᠭᠠᠵᠡᠷ ᠰᠣᠩᠭᠤᠬᠤ ᠶᠢ ᠴᠣᠬᠤᠯᠠᠪᠦᠷᠢᠯᠬᠠᠥ ᠠᠵᠢᠯ ᠢ | ᠠᠬᠢᠭᠤᠯᠥᠨ᠂ ᠳᠡᠯ᠎ᠠ ᠨᠣᠳᠤᠭ ᠤᠨ ᠠᠮᠢ ᠠᠬᠤᠢ ᠶᠢᠨ ᠦᠵᠡᠮᠵᠢ᠂ ᠪᠤᠭᠤᠮᠳᠡ ᠶᠢᠨ ᠦᠵᠡᠮᠵᠢ᠂ ᠠᠷᠡᠳ ᠤᠨ ᠵᠠᠩ | ᠵᠠᠩᠰᠢᠯ᠂ ᠬᠠᠷᠢ ᠣᠯᠥᠰ ᠤᠨ ᠵᠠᠩ ᠦᠢᠯᠡ ᠶᠢ ᠨᠢᠭᠡ ᠴᠣᠠᠠᠴᠠᠵᠢᠭᠤᠯᠥᠠᠠᠰᠠᠨ ᠵᠢᠭᠤᠯᠴᠢᠯᠠᠯ ᠤᠨ ᠪᠦᠳᠦᠭᠡᠭᠳᠡᠬᠦᠨ ᠤ | ᠪᠦᠳᠦᠴᠡ ᠶᠢᠨ ᠲᠤᠭᠲᠠᠯᠴᠠᠭ᠎ᠠ ᠶᠢ ᠪᠠᠢᠭᠤᠯᠪᠡ᠃ ᠡᠭᠦᠨ ᠤ ᠬᠠᠮᠲᠤ᠂ ᠮᠣᠩᠭᠤᠯ ᠤᠯᠤᠰ ᠤᠨ ᠣᠯᠠᠨ | ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ ᠵᠢᠭᠤᠯᠴᠢᠯᠠᠯ ᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ | ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠢ ᠵᠣᠬᠢᠴᠠᠭᠤᠯᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠪᠦᠯᠬᠦᠮ ᠢ | ᠵᠣᠬᠢᠶᠠᠨ ᠪᠠᠶᠢᠭᠤᠯᠵᠤ᠂ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ 3 ᠡᠳᠦᠷ ᠤᠨ ᠬᠢᠯᠢ ᠠᠯᠤᠰᠯᠠᠨ | ᠥᠪᠡᠷ ᠢᠶᠠᠨ ᠲᠡᠷᠭᠡ ᠵᠢᠯᠣᠭᠤᠳᠬᠤ ᠵᠢᠭᠤᠯᠴᠢᠯᠠᠯ ᠢ ᠥᠷᠨᠢᠭᠦᠯᠪᠡ᠃ ᠣᠳᠣᠬᠠᠨ ᠪᠣᠯᠲᠠᠯ᠎ᠠ᠂ ᠨᠡᠶᠢᠲᠡ 2 ᠪᠦᠯᠦᠭ | 20 ᠭᠠᠷᠤᠢ ᠬᠦᠮᠦᠨ ᠥᠪᠡᠷᠲᠡᠭᠡᠨ ᠲᠡᠷᠭᠡ ᠵᠢᠯᠣᠭᠤᠳᠤᠨ ᠮᠣᠩᠭᠤᠯ ᠤᠯᠤᠰ ᠲᠤ ᠵᠢᠭᠤᠯᠴᠢᠯᠠᠪᠠ᠃ |