ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭ᠎ᠠ ᠨᠢ ︽ᠲᠣᠭᠤᠷᠢᠨ ᠰᠤᠷᠤᠯᠴᠠᠨ ᠣᠶᠣᠨ ᠮᠡᠳᠡᠯᠭᠡ ᠬᠤᠷᠠᠮᠳᠤᠭᠤᠯᠵᠤ ᠬᠠᠮᠲᠤ ᠪᠠᠷ ᠤᠷᠤᠭᠰᠢᠯᠠᠨ ᠰᠢᠨ᠎ᠡ ᠠᠮᠵᠢᠯᠲᠠ ᠶᠢ ᠡᠭᠦᠳᠦᠶ᠎ᠡ︾ ᠲᠣᠭᠤᠷᠢᠨ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/22
      ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠎ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠷᠠᠭᠠᠲᠤ ᠭᠠᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠴᠠᠭᠠᠨ ᠤ ᠵᠠᠯᠠᠭᠤᠴᠤᠳ ᠤᠨ ᠣᠳᠣᠬᠢᠴᠢᠯᠠᠭᠰᠠᠨ ᠮᠠᠯ ᠠᠵᠤ ᠠᠬᠤᠶ ᠶᠢᠨ ᠬᠦᠷᠢᠶᠡᠨ ᠳᠠᠬᠢ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 15 ᠎ ᠤ ᠡᠳᠦᠷ ᠠᠴᠠ 16 ᠎ ᠤ ᠡᠳᠦᠷ ᠪᠣᠯᠲᠠᠯ᠎ᠠ᠂ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ ᠮᠥᠩᠬᠡᠪᠠᠲᠤ ᠭᠠᠴᠠᠭᠠᠨ ᠤ ᠵᠠᠯᠠᠭᠤᠴᠤᠳ ᠢ ᠵᠣᠬᠢᠶᠠᠨ ᠪᠠᠶᠢᠭᠤᠯᠤᠨ          ︽ᠲᠣᠭᠤᠷᠢᠨ ᠰᠤᠷᠤᠯᠴᠠᠨ ᠣᠶᠣᠨ ᠮᠡᠳᠡᠯᠭᠡ ᠬᠤᠷᠠᠮᠳᠤᠭᠤᠯᠵᠤ᠂ ᠬᠠᠮᠲᠤ ᠪᠠᠷ ᠤᠷᠤᠭᠰᠢᠯᠠᠨ ᠰᠢᠨ᠎ᠡ ᠠᠮᠵᠢᠯᠲᠠ ᠶᠢ ᠡᠭᠦᠳᠦᠶ᠎ᠡ︾ ᠲᠣᠭᠤᠷᠢᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠲᠦᠩᠯᠢᠶᠣᠤ ᠬᠤᠲᠠ ᠵᠢᠴᠢ ᠵᠢᠢ ᠯᠢᠨ ᠳ᠋ᠡ ᠶᠢᠦ ᠵᠢᠶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠣᠭᠤᠷᠢᠨ ᠰᠤᠷᠤᠯᠴᠠᠪᠠ᠃      ᠲᠦᠩᠯᠢᠶᠣᠤ ᠬᠤᠳᠠ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠤ᠂ ᠠᠷᠠᠯᠵᠢᠶᠠᠨ ᠤ ᠵᠠᠬ᠎ᠠ ᠶᠢᠨ ᠠᠵᠢᠯᠯᠠᠭᠠᠨ ᠤ ᠲᠣᠭᠲᠠᠴᠠ᠂ ᠠᠷᠠᠯᠵᠢᠶᠠᠨ ᠤ ᠶᠠᠪᠤᠴᠠ᠂ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠵᠢᠴᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠵᠠᠬ᠎ᠠ ᠳᠡᠯᠭᠡᠭᠦᠷ ᠤᠨ ᠬᠤᠪᠢᠷᠠᠯᠲᠠ ᠶᠢ ᠦᠨᠳᠦᠰᠦᠯᠡᠨ ᠲᠡᠵᠢᠭᠡᠪᠦᠷᠢ ᠶᠢᠨ ᠪᠦᠲᠦᠴᠡ ᠪᠣᠯᠤᠨ ᠪᠣᠷᠣᠯᠠᠭᠤᠯᠭ᠎ᠠ ᠶᠢᠨ ᠠᠷᠭ᠎ᠠ ᠪᠤᠳᠤᠯᠭ᠎ᠠ ᠪᠠᠨ ᠬᠡᠷᠬᠢᠨ ᠲᠤᠬᠢᠷᠠᠭᠤᠯᠬᠤ ᠶᠢᠨ ᠲᠣᠭᠤᠷᠢᠨ ᠳᠤ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ᠂ ᠠᠷᠠᠯᠵᠢᠶᠠᠴᠢᠨ ᠨᠠᠷ ᠲᠠᠢ ᠶᠠᠷᠢᠯᠴᠠᠨ ᠬᠠᠷᠢᠯᠴᠠᠨ ᠰᠤᠷᠤᠯᠴᠠᠪᠠ᠃      ᠵᠢᠢ ᠯᠢᠨ ᠳ᠋ᠡ ᠶᠢᠦ ᠵᠢᠶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠲᠡᠵᠢᠭᠡᠯ  ᠪᠣᠷᠳᠣᠭᠠᠨ ᠤ ᠦᠢᠯᠡᠳᠪᠦᠷᠢ ᠳᠤ ᠭᠦᠨᠵᠡᠭᠡᠶᠢᠷᠡᠨ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠪᠦᠬᠦ ᠶᠠᠪᠤᠴᠠ ᠶᠢ ᠲᠣᠭᠤᠷᠢᠨ ᠦᠵᠡᠵᠦ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠲᠥᠬᠦᠭᠡᠷᠦᠮᠵᠢ ᠪᠣᠯᠤᠨ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠮᠡᠷᠭᠡᠵᠢᠯ ᠢ ᠨᠠᠷᠢᠨ ᠣᠶᠢᠯᠠᠭᠠᠬᠤ ᠶᠢᠨ ᠬᠠᠮᠲᠤ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠵᠠᠭᠪᠤᠷ ᠢ ᠰᠤᠳᠤᠯᠤᠨ ᠶᠠᠷᠢᠯᠴᠠᠵᠤ᠂ ᠲᠡᠷᠢᠭᠦᠨ ᠤ ᠮᠡᠷᠭᠡᠵᠢᠯ ᠢ ᠨᠢ ᠰᠤᠷᠤᠯᠴᠠᠪᠠ᠃      ᠴᠢᠳᠠᠪᠤᠷᠢᠲᠠᠨ ᠪᠣᠯ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠬᠦᠴᠦᠨ ᠪᠣᠯᠤᠨ᠎ᠠ᠃ ᠲᠣᠰ ᠤᠳᠠᠭᠠᠨ ᠤ ᠲᠣᠭᠤᠷᠢᠨ ᠰᠤᠷᠤᠯᠴᠠᠯᠭ᠎ᠠ ᠪᠠᠷ ᠳᠡᠮᠵᠢᠨ᠂ ᠭᠠᠴᠠᠭᠠᠨ ᠤ ᠵᠠᠯᠠᠭᠤᠴᠤᠳ ᠬᠠᠷᠠᠭ᠎ᠠ ᠪᠠᠨ ᠥᠷᠭᠡᠳᠬᠡᠵᠦ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠪᠦᠯᠬᠦᠮᠳᠡᠨ ᠬᠠᠮᠵᠢᠯᠴᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠭᠠᠴᠠᠭᠠᠨ ᠤ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠵᠡᠶ᠃ ᠲᠠᠷᠠᠭᠠᠴᠢ ᠶᠢᠨ ᠠᠯᠬᠤᠮ ᠳᠤ᠂ ᠬᠠᠷᠠᠭᠠᠲᠤ ᠭᠠᠴᠠᠭ᠎ᠠ ᠨᠢ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠪᠣᠯᠪᠠᠰᠤᠷᠠᠯ ᠤᠨ ᠠᠩᠭᠢ ᠡᠷᠬᠢᠯᠡᠬᠦ᠂ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯᠯᠡᠭᠦᠯᠬᠦ᠂ ᠭᠠᠳᠠᠭᠰᠢ ᠭᠠᠷᠴᠤ ᠲᠣᠭᠤᠷᠢᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠭᠠᠴᠠᠭᠠᠨ ᠤ ᠵᠠᠯᠠᠭᠤᠴᠤᠳ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠴᠠᠭᠠᠨ ᠤ ᠮᠠᠯ ᠠᠵᠤ ᠠᠬᠤᠶ ᠶᠢᠨ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠵᠤ᠂ ᠭᠠᠴᠠᠭᠠᠨ ᠤ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠮᠠᠯ ᠠᠵᠤ ᠠᠬᠤᠶ ᠶᠢᠨ ᠠᠵᠤ ᠠᠬᠤᠶ ᠶᠢᠨ ᠣᠶᠢᠷ᠎ᠠ ᠠᠰᠢᠭ ᠪᠠ ᠨᠡᠶᠢᠭᠡᠮ ᠤᠨ ᠣᠶᠢᠷ᠎ᠠ ᠠᠰᠢᠭ ᠢ ᠳᠡᠭᠡᠭᠰᠢᠯᠡᠭᠦᠯᠦᠨ᠎ᠡ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号