ᠨᠢᠭᠡ᠂ ᠡᠳᠡᠭᠡᠷ ᠮᠡᠳᠡᠯᠭᠡ ᠶᠢ ᠪᠠᠲᠤ ᠴᠡᠭᠡᠵᠢᠯᠡᠬᠦ ᠬᠡᠷᠡᠭᠲᠡᠶ᠃ | 1. ᠰᠡᠯᠭᠦᠨ ᠮᠠᠯᠵᠢᠬᠤ ᠭᠡᠳᠡᠭ ᠨᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠤᠯᠠᠷᠢᠯ ᠤᠨ | ᠴᠢᠨᠠᠷᠲᠠᠶ ᠮᠠᠯ ᠬᠠᠷᠢᠭᠤᠯᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠵᠢᠭᠠᠵᠦ ᠪᠤᠶ᠃ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠣᠯᠤᠨ ᠲᠡᠵᠢᠭᠡᠯ | ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠵᠢᠯ ᠪᠦᠷᠢ ᠶᠢᠨ ᠲᠡᠵᠢᠭᠡᠯ ᠡᠪᠡᠰᠦᠨ ᠤ | ᠤᠷᠭᠤᠯᠲᠠ ᠶᠢᠨ ᠬᠤᠭᠤᠴᠠᠭᠠᠨ ᠳᠤ ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠰᠡᠯᠭᠦᠨ ᠮᠠᠯᠵᠢᠬᠤ ᠬᠤᠭᠤᠴᠠᠭ᠎ᠠ ᠶᠢ | ᠳᠥᠴᠢᠨ ᠲᠠᠪᠤᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ | 2. ᠪᠡᠯᠴᠢᠭᠡᠷᠯᠡᠭᠦᠯᠬᠦ ᠶᠢ ᠵᠤᠠᠠᠰᠤᠭᠠᠬᠤ ᠣᠷᠣᠨ ᠢ ᠲᠠᠪᠤᠨ ᠵᠢᠯ ᠳᠤ ᠨᠢᠭᠡ ᠤᠳᠠᠭ᠎ᠠ ᠢᠯᠭᠠᠨ ᠲᠤᠠᠠᠳᠠᠭᠠᠵᠦ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠨᠤᠲᠤᠭ ᠪᠡᠯᠴᠢᠭᠡᠷ ᠲᠤ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠵᠦ᠂ | ᠤᠷᠭᠤᠮᠠᠯ ᠤᠨ ᠪᠦᠷᠬᠦᠴᠡ ᠨᠡᠯᠢᠶᠡᠳ ᠰᠠᠶᠢᠨ ᠰᠡᠷᠭᠦᠭᠡᠭᠰᠡᠨ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠠᠭᠠᠯᠠᠯᠲᠠ ᠶᠢᠨ ᠴᠢᠨᠠᠷᠲᠠᠶ ᠡᠪᠡᠰᠦ ᠬᠠᠳᠤᠵᠤ ᠪᠣᠯᠤᠨ᠎ᠠ᠃ | 3. ᠨᠤᠲᠤᠭ ᠪᠡᠯᠴᠢᠭᠡᠷ ᠬᠡᠷᠡᠭᠯᠡᠭᠴᠢ᠂ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠭᠴᠢ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠠᠠᠰᠤᠭᠠᠵᠦ᠂ ᠪᠡᠯᠴᠢᠭᠡᠷ ᠰᠡᠷᠭᠦᠭᠡᠬᠦ ᠡᠭᠦᠷᠭᠡ ᠪᠠᠨ | ᠬᠦᠢᠴᠡᠳᠬᠡᠨ᠂ ᠬᠢᠨᠠᠨ ᠲᠤᠠᠠᠳᠠᠭᠠᠠᠠᠰᠠᠨ ᠪᠡᠯᠴᠢᠭᠡᠷ ᠤᠨ ᠲᠠᠭᠠᠭᠠᠴᠠ ᠶᠢᠨ ᠬᠡᠮᠵᠢᠶ᠎ᠡ ᠠᠴᠠ ᠭᠡᠳᠤᠷᠡᠭᠦᠯᠤᠨ ᠮᠠᠯ | ᠪᠡᠯᠴᠢᠭᠡᠷᠯᠡᠭᠦᠯᠵᠦ ᠪᠣᠯᠬᠤ ᠦᠭᠡᠶ᠂ ᠪᠡᠯᠴᠢᠭᠡᠷᠯᠡᠭᠦᠯᠬᠦ ᠶᠢ ᠵᠤᠠᠠᠰᠤᠭᠠᠠᠠᠰᠠᠨ ᠣᠷᠣᠨ ᠪᠡ ᠪᠡᠯᠴᠢᠭᠡᠷ ᠢ ᠰᠡᠷᠭᠦᠭᠡᠬᠦ | ᠬᠤᠭᠤᠴᠠᠭᠠᠨ ᠳᠤ ᠮᠠᠯ ᠪᠡᠯᠴᠢᠭᠡᠷᠯᠡᠭᠦᠯᠵᠦ ᠪᠣᠯᠬᠤ ᠦᠭᠡᠶ᠃ ᠡᠵᠡᠩᠨᠡᠯᠳᠡ ᠶᠢᠨ ᠡᠷᠬᠡ ᠶᠢ ᠭᠦᠢᠯᠭᠡᠭᠡᠵᠦ ᠠᠪᠤᠭᠠᠳ | ᠨᠤᠲᠤᠭ ᠪᠡᠯᠴᠢᠭᠡᠷ ᠢ ᠨᠢ ᠡᠵᠡᠩᠨᠠᠵᠦ ᠪᠠᠶᠢᠭ᠎ᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠮᠠᠯ ᠪᠡᠯᠴᠢᠭᠡᠷ | ᠤᠨ ᠲᠡᠩᠴᠡᠭᠦᠷᠢ ᠶᠢ ᠪᠡᠳᠤᠯᠡᠬᠤ ᠪᠠ ᠪᠡᠯᠴᠢᠭᠡᠷᠯᠡᠭᠦᠯᠬᠦ ᠶᠢ ᠵᠤᠠᠠᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ | ᠵᠢᠷᠤᠮᠯᠠᠨ ᠰᠠᠬᠢᠵᠦ᠂ ᠳᠠᠭᠠᠭᠠᠴᠢᠯᠠᠯᠲᠠ ᠶᠢᠨ ᠭᠡᠷ᠎ᠡ ᠵᠢᠴᠢ ᠡᠵᠡᠩᠨᠡᠯᠳᠡ ᠶᠢᠨ ᠡᠷᠬᠡ ᠶᠢ ᠭᠦᠢᠯᠭᠡᠭᠡᠯᠡᠬᠦ ᠭᠡᠷ᠎ᠡ ᠳᠤ | ᠪᠣᠯᠵᠣᠵᠤ ᠲᠣᠭᠲᠠᠭᠰᠠᠨ ᠬᠡᠷᠡᠭᠴᠡᠭᠡ ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠲᠠᠶ ᠠᠰᠢᠭᠯᠠᠬᠤ ᠬᠡᠷᠡᠭᠲᠡᠶ᠃ | ᠬᠤᠶᠠᠷ᠂ ᠲᠣᠭᠲᠠᠭᠠᠯ ᠠᠴᠠ ᠵᠦᠷᠢᠴᠡᠵᠦ ᠮᠠᠯ ᠮᠠᠯᠵᠢᠭᠰᠠᠨ ᠪᠤᠶᠤ ᠳᠠᠭᠠᠭᠠᠴᠠ ᠠᠴᠠ ᠬᠡᠲᠦᠷᠡᠭᠦᠯᠦᠨ | ᠪᠡᠯᠴᠢᠭᠡᠷᠯᠡᠭᠦᠯᠦᠭᠰᠡᠨ ᠪᠣᠯ ᠰᠢᠢᠳᠬᠡᠯ ᠣᠯᠤᠨ᠎ᠠ᠃ | 1. ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠠᠠᠰᠤᠭᠠᠬᠤ ᠳᠦᠷᠢᠮ ᠢ | ᠬᠡᠷᠡᠭᠵᠢᠭᠦᠯᠤᠭᠡᠳᠤᠢ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠳᠤ ᠪᠡᠯᠴᠢᠭᠡᠷ ᠤᠨ ᠳᠠᠭᠠᠭᠠᠴᠠ ᠠᠴᠠ | ᠬᠡᠳᠤᠷᠡᠭᠦᠯᠤᠨ ᠮᠠᠯ ᠪᠡᠯᠴᠢᠭᠡᠷᠯᠡᠭᠦᠯᠤᠭ᠍ᠰᠠᠨ ᠨᠣᠷᠮ᠎ᠠ ᠨᠢ 10% ᠠᠴᠠ ᠲᠡᠪᠠᠭᠰᠠᠨ ᠪᠤᠶᠤ ᠪᠡᠯᠴᠢᠭᠡᠷᠯᠡᠭᠦᠯᠬᠦ ᠶᠢ | ᠵᠤᠠᠠᠰᠤᠭᠠᠠᠠᠰᠠᠨ ᠣᠷᠣᠨ ᠳᠤ ᠬᠤᠶᠠᠷ ᠠᠴᠠ ᠳᠡᠭᠡᠭᠰᠢ ᠤᠳᠠᠭ᠎ᠠ ᠮᠠᠯ ᠪᠡᠯᠴᠢᠭᠡᠷᠯᠡᠭᠦᠯᠪᠡᠯ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠡ ᠱᠠᠩᠨᠠᠯ ᠤᠨ ᠮᠥᠩᠭᠦ ᠶᠢ ᠨᠢ ᠰᠠᠭᠤᠯᠭᠠᠨ ᠠᠪᠴᠦ ᠪᠣᠯᠤᠨ᠎ᠠ᠃ | | 2. ᠲᠣᠭᠲᠠᠭᠠᠯ ᠶᠣᠰᠣᠭᠠᠷ ᠡᠪᠡᠰᠦ ᠬᠠᠳᠤᠭᠰᠠᠨ ᠦᠭᠡᠶ ᠪᠣᠯ ᠰᠤᠮᠤ ᠪᠠᠯᠭᠠᠰᠤ ︵ᠲᠠᠯᠠᠪᠠᠶ︶ ᠶᠢᠨ | ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠮᠦ ᠪᠦᠷᠢ ᠳᠤ | 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | 3. ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠫᠠᠶᠢᠰᠠ ᠲᠡᠮᠳᠡᠭ ᠢ ᠡᠪᠳᠡᠬᠦ᠂ | ᠳᠤᠷ᠎ᠠ ᠪᠠᠷ ᠢᠶᠠᠨ ᠰᠢᠯᠵᠢᠭᠦᠯᠪᠡᠯ᠂ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠪᠤᠶᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠤᠯ ᠪᠠᠶᠢᠳᠠᠯ ᠢ ᠨᠢ ᠰᠡᠷᠭᠦᠭᠡᠯᠭᠡᠬᠦ ᠬᠡᠷᠡᠭᠲᠡᠶ︔ | ᠬᠤᠭᠤᠴᠠᠭ᠎ᠠ ᠥᠩᠭᠡᠷᠡᠲᠡᠯ᠎ᠡ ᠰᠡᠷᠭᠦᠭᠡᠭᠰᠡᠨ ᠦᠭᠡᠶ ᠪᠣᠯ ᠲᠦᠬᠦᠭᠡᠷᠤᠮᠵᠢ ᠶᠢᠨ ᠤᠤᠯ ᠤᠨ ᠦᠨ᠎ᠡ ᠶᠢᠨ ᠬᠢᠨᠢ ᠨᠢᠭᠡ | ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | 4. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾ ᠶᠣᠰᠣᠭᠠᠷ᠂ ᠬᠢᠨᠠᠨ ᠲᠣᠭᠲᠠᠭᠠᠭᠰᠠᠨ ᠪᠡᠯᠴᠢᠭᠡᠷ ᠤᠨ | ᠪᠠᠭᠲᠠᠭᠠᠮᠵᠢ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠶᠢᠪᠠᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠵᠠᠯᠠᠷᠠᠭᠤᠯᠤᠨ᠎ᠠ︔ ᠲᠤᠠᠠᠳ᠋ᠬᠠᠰᠠᠨ ᠬᠤᠭᠤᠴᠠᠭᠠᠨ ᠲᠤᠳᠤᠷ᠎ᠠ ᠵᠠᠯᠠᠷᠠᠭᠤᠯᠬᠤ ᠦᠭᠡᠢ ᠪᠣᠯ ᠪᠡᠯᠴᠢᠭᠡᠷ ᠤᠨ | ᠳᠠᠭᠠᠭᠠᠴᠠ ᠠᠴᠠ ᠬᠡᠳᠤᠷᠡᠭᠦᠯᠤᠨ ᠪᠡᠯᠴᠢᠭᠡᠷᠯᠡᠭᠦᠯᠤᠭᠰᠡᠨ ᠮᠠᠯ ᠤᠨᠤᠭ᠎ᠠ ᠶᠢ ᠬᠤᠨᠢᠴᠢᠯᠬᠠᠰᠠᠨ ᠨᠢᠭᠡᠴᠢ ᠪᠠᠷ ᠨᠢᠭᠡᠴᠢ | ᠪᠦᠷᠢ ᠳᠤ 100 ᠲᠥᠭᠦᠷᠢᠭ ᠢᠶᠠᠷ ᠲᠣᠷᠭᠠᠨ᠎ᠠ᠃ ᠪᠡᠯᠴᠢᠭᠡᠷᠯᠡᠭᠦᠯᠬᠦ ᠶᠢ ᠵᠤᠠᠠᠰᠤᠭᠠᠠᠠᠰᠠᠨ ᠣᠷᠣᠨ ᠪᠦᠰᠡ ᠪᠤᠶᠤ | ᠰᠡᠯᠭᠦᠨ ᠮᠠᠯᠵᠢᠬᠤ ᠬᠤᠭᠤᠴᠠᠭᠠᠨ ᠳᠤ ᠮᠠᠯ ᠪᠡᠯᠴᠢᠭᠡᠷᠯᠡᠭᠦᠯᠦᠭᠰᠡᠳ ᠢ ᠰᠤᠮᠤ ᠪᠠᠯᠭᠠᠰᠤ ︵ᠲᠠᠯᠠᠪᠠᠢ︶ ᠶᠢᠨ | ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ | ᠵᠠᠯᠠᠷᠠᠭᠤᠯᠵᠤ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠤᠭᠰᠡᠨ ᠮᠠᠯ ᠤᠨᠤᠭ᠎ᠠ ᠳᠤ ᠬᠤᠨᠢᠴᠢᠯᠬᠠᠰᠠᠨ ᠨᠢᠭᠡᠴᠢ ᠪᠠᠷ | ᠨᠢᠭᠡᠴᠢ ᠪᠦᠷᠢ ᠶᠢ 120 ᠲᠥᠭᠦᠷᠢᠭ ᠢᠶᠠᠷ ᠲᠣᠷᠭᠠᠨ᠎ᠠ᠃ |