ᠬᠠᠳᠠᠪᠴᠢ ᠪᠠᠯᠭᠠᠰᠤᠨ ᠤ ᠮᠠᠯᠵᠢᠬᠤ ᠡᠷᠦᠬᠡ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠪᠤᠶᠢᠳᠠ ᠪᠥᠭᠯᠡᠭᠦᠦ ᠭᠠᠵᠠᠷ ᠣᠷᠣᠨ ᠤ ᠮᠠᠯᠵᠢᠬᠤ ᠡᠷᠦᠬᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠠᠷᠠᠳ ᠲᠦᠮᠡᠨ ᠳᠤ | ᠦᠢᠯᠡᠴᠢᠯᠡᠵᠦ ᠂ ᠪᠣᠳᠠᠲᠠᠶ ᠠᠵᠢᠯ ᠬᠢᠬᠦ︾ ᠵᠡᠷᠴᠢᠮ ᠢ ᠪᠠᠷᠢᠮᠲᠠᠯᠠᠵᠤ᠂ ᠥᠪᠥᠷ ᠮᠣᠩᠭᠤᠯ ᠤᠨ ᠡᠨᠧᠷᠭᠢ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠢᠳᠡᠪᠬᠢᠲᠡᠶ ᠬᠠᠮᠵᠢᠯᠴᠡᠨ᠂ ᠮᠠᠯᠵᠢᠬᠤ ᠡᠷᠦᠬᠡ ᠶᠢᠨ ᠴᠠᠬᠢᠯᠭᠠᠨ | ᠨᠡᠪᠲᠡᠷᠡᠭᠦᠯᠬᠦ ᠶᠢ ᠲᠠᠰ ᠳᠡᠪᠰᠢᠭᠦᠯᠬᠦ ᠢᠨᠵᠧᠨᠧᠷᠢᠩ ᠶᠢᠨ ᠠᠵᠢᠯ ᠢ ᠲᠦᠯᠬᠢᠨ ᠠᠬᠢᠭᠤᠯᠪᠠ᠃ 10 ᠰᠠᠷ᠎ᠠ ᠶᠢᠨ 10 ᠤ | ᠡᠳᠦᠷ ᠠᠴᠠ 12 ᠤ ᠡᠳᠦᠷ ᠪᠣᠯᠲᠠᠯ᠎ᠠ᠂ ᠮᠠᠨ ᠤ ᠪᠠᠯᠭᠠᠰᠤ ᠭᠠᠴᠠᠭᠠᠨ ᠤ ︽ᠬᠤᠶᠠᠷ ᠵᠥᠪᠯᠡᠯ︾ ᠤᠨ | ᠪᠦᠷᠢᠯᠳᠦᠬᠦᠨ ᠢ ᠵᠣᠬᠢᠶᠠᠨ ᠪᠠᠶᠢᠭᠤᠯᠵᠤ᠂ 105 ᠡᠷᠦᠬᠡ ᠮᠠᠯᠴᠢᠳ ᠲᠤ 2KW ᠶᠢᠨ ᠨᠠᠷᠠ ᠰᠠᠯᠬᠢᠨ | ᠬᠠᠪᠰᠤᠷᠠᠭᠠᠭᠰᠡᠨ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠲᠠᠷᠬᠠᠭᠠᠵᠤ᠂ ᠲᠣᠨᠤᠭ ᠲᠥᠬᠦᠭᠡᠷᠦᠮᠵᠢ ᠶᠢ ᠤᠭᠰᠠᠷᠠᠬᠤ | ᠠᠵᠢᠯ ᠡᠮᠬᠢ ᠵᠢᠷᠤᠮ ᠲᠠᠢ ᠶᠠᠪᠤᠬᠠᠳᠠᠪᠡ᠃ | ᠲᠦᠬᠦᠭᠡᠷᠤᠮᠵᠢ ᠶᠢ ᠲᠠᠷᠬᠠᠭᠠᠬᠤ ᠶᠠᠪᠤᠴᠠ ᠳᠤ᠂ ᠪᠠᠯᠭᠠᠰᠤᠨ ᠤ ᠠᠵᠢᠯᠲᠠᠳ ᠲᠤᠭ᠎ᠠ ᠪᠠᠷᠢᠮᠲᠠ ᠶᠢ ᠨᠠᠷᠢᠨ | ᠬᠢᠨᠠᠮᠠᠭᠠᠶ ᠬᠠᠷᠭᠤᠭᠤᠯᠵᠤ᠂ ᠨᠢᠭᠡ ᠡᠷᠦᠬᠡ ᠳᠤ ᠨᠢᠭᠡᠨᠠᠷᠠ ᠰᠠᠯᠬᠢ ᠬᠠᠪᠰᠤᠷᠭᠠᠠᠠᠰᠠᠨ ᠲᠥᠬᠦᠭᠡᠷᠦᠮᠵᠢ ᠲᠠᠷᠬᠠᠭᠠᠵᠤ᠂ | ᠮᠡᠷᠭᠡᠵᠢᠯ ᠤᠨ ᠠᠵᠢᠯᠲᠠᠨ ᠠᠴᠠ ᠮᠠᠯᠵᠢᠬᠤ ᠡᠷᠦᠬᠡ ᠳᠤ ᠲᠣᠨᠤᠭ ᠲᠥᠬᠦᠭᠡᠷᠦᠮᠵᠢ ᠶᠢ ᠤᠭᠰᠠᠷᠠᠬᠤ ᠠᠷᠭ᠎ᠠ᠂ | ᠬᠡᠷᠡᠭᠯᠡᠬᠦ ᠳᠤ ᠠᠩᠬᠠᠷᠬᠤ ᠵᠦᠢᠯᠡᠰ ᠵᠢᠴᠢ ᠡᠳᠦᠷ ᠲᠤᠲᠤᠮ ᠤᠨ ᠬᠠᠮᠠᠭᠠᠯᠠᠯᠲᠠ ᠶᠢᠨ ᠭᠤᠤᠯᠳᠠᠯᠭ᠎ᠠ ᠶᠢ | ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠮᠠᠯᠵᠢᠬᠤ ᠡᠷᠦᠬᠡ ᠶᠢᠨ ᠲᠣᠨᠤᠭ ᠲᠥᠬᠦᠭᠡᠷᠦᠮᠵᠢ ᠶᠢ ᠵᠥᠪ | ᠣᠨᠣᠪᠴᠢᠲᠠᠶ ᠬᠡᠷᠡᠭᠯᠡᠬᠦ ᠪᠠ ᠬᠠᠮᠠᠭᠠᠯᠠᠵᠤ᠂ ᠲᠣᠨᠤᠭ ᠲᠥᠬᠦᠭᠡᠷᠦᠮᠵᠢ ᠶᠢ ᠬᠡᠷᠡᠭᠯᠡᠬᠦ ᠴᠠᠭ ᠶᠢ ᠤᠷᠲᠤᠳᠬᠠᠬᠤ ᠶᠢ | ᠪᠠᠲᠤᠯᠠᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠣᠭᠲᠠᠪᠤᠷᠢᠲᠤ ᠴᠢᠨᠠᠷ ᠢ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠲᠥᠬᠦᠭᠡᠷᠦᠮᠵᠢ ᠶᠢᠨ ᠤᠭᠰᠠᠷᠠᠬᠤ ᠠᠬᠢᠴᠠ ᠪᠠ ᠶᠠᠰᠤ | ᠴᠢᠨᠠᠷ ᠢ ᠦᠷᠭᠦᠯᠵᠢᠯᠡᠨ ᠠᠩᠬᠠᠷᠴᠤ᠂ ᠪᠦᠬᠦᠶᠢᠯᠡ ᠲᠥᠬᠦᠭᠡᠷᠦᠮᠵᠢ ᠶᠢ ᠤᠷᠤᠭᠰᠢᠲᠠᠶ ᠤᠭᠰᠠᠷᠠᠬᠤ ᠶᠢᠨ ᠬᠠᠮᠲᠤ | ᠬᠡᠪ ᠤᠨ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠪᠠᠳᠤᠯᠡᠵᠦ᠂ ᠡᠭᠦᠨ ᠢᠶᠠᠷ ᠠᠵᠠ ᠲᠣᠬᠢᠶᠠᠯ ᠪᠤᠯᠭᠠᠨ᠂ | ᠮᠠᠯᠵᠢᠬᠤ ᠣᠷᠣᠨ ᠤ ᠴᠡᠪᠡᠷ ᠡᠨᠧᠷᠭᠢ ᠶᠢᠨ ᠬᠡᠷᠡᠭᠯᠡᠯᠲᠡ ᠶᠢ ᠤᠯᠠᠮ ᠨᠢᠭᠡ ᠠᠯᠬᠤᠮ ᠰᠦᠪᠡᠭᠴᠢᠯᠡᠨ᠂ ᠪᠣᠬᠢᠷᠲᠤᠯ | ᠥᠬᠡᠶ᠂ ᠣᠷᠴᠢᠨ ᠲᠣᠭᠤᠷᠢᠨ ᠢ ᠬᠠᠮᠠᠭᠠᠯᠠᠬᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠮᠠᠯᠵᠢᠬᠤ ᠣᠷᠣᠨ ᠤ | ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠲᠠᠰᠤᠷᠠᠯᠲᠠ ᠥᠬᠡᠶ ᠴᠢᠷᠮᠠᠶᠢᠨ ᠠᠵᠢᠯᠯᠠᠨ᠎ᠠ᠃ |