2024 ᠣᠨ ᠤ 1— 9 ᠰᠠᠷ᠎ᠠ ᠳᠤ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠠᠶᠢᠳᠠᠯ ᠢᠶᠠᠷ ᠦᠷᠭᠦᠯᠵᠢᠯᠡᠪᠡ
ᠨᠡᠶᠢᠲᠡᠯᠡᠭᠰᠡᠨ ᠴᠠᠭ᠄
2024/11/22
    ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 8.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠠᠴᠠ ᠦᠵᠡᠪᠡᠯ᠂ ᠪᠥᠬᠦ ᠬᠤᠰᠢᠭᠤᠨ ᠤ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 5.14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.0%ᠨᠡᠮᠡᠭᠳᠡᠵᠦ᠂ ᠮᠠᠯᠵᠢᠬᠤ ᠣᠷᠣᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 2.90 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠪᠡ︔ ᠬᠡᠷᠡᠭᠯᠡᠭᠡᠨ ᠤ ᠬᠡᠯᠪᠡᠷᠢ ᠠᠴᠠ ᠠᠪᠴᠤ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 5.12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 2.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号