ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/25
      11 ᠰᠠᠷ᠎ᠠ ᠶᠢᠨ 4᠎ ᠤ ᠡᠳᠦᠷ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠰᠣᠨᠢᠨ ᠮᠡᠳᠡᠭᠡᠨ ᠤ ᠥᠭᠦᠯᠡᠭᠴᠢ‌ᠡᠴᠠ 2024 ᠣᠨ ᠤ ᠠᠷᠠᠳ ᠤᠨ ᠶᠠᠪᠤᠳᠠᠯ ᠤᠨ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠲᠥᠷᠦ ᠶᠢ ᠵᠠᠰᠠᠬᠤ ᠶᠢᠨ ᠴᠢᠬᠤᠯᠠ ᠨᠢ ᠠᠷᠠᠳ ᠢ ᠠᠮᠤᠷᠵᠢᠭᠤᠯᠬᠤ ᠳᠤ ᠪᠤᠢ᠃ 2024 ᠣᠨ ᠳᠤ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠦ᠂ ᠭᠤᠤᠯᠳᠠᠯᠭ᠎ᠠ ᠶᠢ ᠲᠣᠪᠣᠶᠢᠯᠭᠠᠨ᠂ ᠯᠠᠪᠳᠠᠭᠤᠨ ᠪᠠᠲᠤᠲᠠᠶ ᠠᠵᠢᠯᠯᠠᠵᠤ᠂ ᠪᠦᠬᠦᠯᠢ ᠴᠣᠭᠴᠠ ᠪᠠᠷ ᠠᠬᠢᠭᠤᠯᠤᠨ᠂ ᠠᠷᠠᠳ ᠤᠨ ᠶᠠᠪᠤᠳᠠᠯ ᠎ ᠤᠨ ᠡᠯ᠎ᠡ ᠵᠦᠶᠯ ᠤᠨ ᠠᠵᠢᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠨᠡᠯᠢᠶᠡᠳ ᠰᠠᠶᠢᠨ ᠬᠢᠷᠢ ᠪᠦᠲᠦᠮᠵᠢ ᠣᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃      ᠨᠢᠭᠡ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠠ      1 ~ 10 ᠳ᠋ᠤᠭᠠᠷ ᠰᠠᠷ᠎ᠠ ᠳᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠨᠥᠬᠦᠴᠡᠯ ᠢ ᠨᠡᠶᠢᠴᠡᠭᠰᠡᠨ 50 ᠡᠷᠦᠬᠡ ᠶᠢᠨ 91 ᠬᠥᠮᠦᠨ ᠢ ᠰᠢᠨ᠎ᠡ ᠪᠠᠷ ᠣᠷᠣᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠥᠷᠲᠡᠬᠦ ᠨᠥᠬᠦᠴᠡᠯ ᠳᠤ ᠨᠡᠶᠢᠴᠡᠬᠦ ᠥᠬᠡᠶ 123 ᠡᠷᠦᠬᠡ ᠶᠢᠨ194 ᠬᠥᠮᠦᠨ ᠢ ᠭᠠᠷᠭᠠᠭᠰᠠᠨ ᠪᠠᠶᠢᠨ᠎ᠠ᠃ 10 ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ 713 ᠡᠷᠦᠬᠡ ᠶᠢᠨ1178 ᠬᠥᠮᠦᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ 737.82 ᠲᠦᠮᠡᠨ ᠲᠥᠭᠦᠷᠢᠭ ᠣᠯᠭᠤᠵᠤ᠂ 57 ᠣᠨᠴᠠ ᠬᠦᠴᠢᠷᠳᠡᠯᠲᠡᠶ ᠠᠰᠠᠷᠠᠨ ᠳᠡᠮᠵᠢᠬᠦ ᠴᠢᠬᠤᠯᠠᠲᠠᠢ ᠬᠦᠮᠦᠰ ᠲᠤ ᠠᠰᠠᠷᠠᠨ ᠳᠡᠮᠵᠢᠬᠦ ᠮᠥᠩᠭᠦ ᠵᠢᠴᠢ ᠠᠰᠠᠷᠠᠨ ᠰᠤᠪᠢᠯᠠᠬᠤ ᠨᠥᠬᠦᠪᠥᠷᠢ ᠶᠢ ᠨᠡᠶᠢᠲᠡ 93.05 ᠲᠦᠮᠡᠨ ᠲᠥᠭᠦᠷᠢᠭ ᠣᠯᠭᠤᠪᠠ᠃ ᠵᠠᠷᠤᠯᠭ᠎ᠠ ᠶᠢᠨ ᠬᠡᠯᠪᠡᠷᠢ ᠶᠢᠨ ᠲᠦᠷ ᠴᠠᠭ ᠠᠪᠤᠷᠠᠨ ᠲᠤᠰᠠᠯᠠᠬᠤ ᠡᠲᠡᠭᠡᠳ 137 ᠡᠷᠦᠬᠡ ᠪᠠᠶᠢᠵᠤ᠂ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠲᠡ 30 . 43 ᠲᠦᠮᠡᠨ ᠲᠥᠭᠦᠷᠢᠭ ᠲᠠᠷᠬᠠᠭᠠᠵᠤ᠂ ᠰᠤᠮᠤ ᠪᠠᠯᠭᠠᠰᠤ ︵ᠲᠠᠯᠠᠪᠠᠢ︶᠎ ᠶᠢᠨ ᠪᠠᠴᠢᠮ  ᠬᠦᠴᠢᠷᠳᠡᠯᠲᠡᠢ 10 ᠡᠷᠦᠬᠡ ᠎ ᠶᠢ ᠤᠷᠢᠳᠠᠪᠠᠷ ᠠᠪᠤᠷᠠᠨ ᠲᠤᠰᠠᠯᠠᠵᠤ᠂ ᠰᠤᠮᠤ ᠪᠠᠯᠭᠠᠰᠤ ︵ᠲᠠᠯᠠᠪᠠᠢ︶᠎ ᠳᠤ ᠲᠦᠷ ᠴᠠᠭ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢ ᠨᠡᠶᠢᠲᠡ 1 . 77 ᠲᠦᠮᠡᠨ ᠲᠥᠭᠦᠷᠢᠭ ᠲᠠᠷᠬᠠᠭᠠᠪᠠ᠃ 1535 ᠡᠷᠦᠬᠡ ᠤᠳᠠᠭ᠎ᠠ ᠶᠢᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠮᠠᠯᠵᠢᠬᠤ ᠣᠷᠣᠨ ᠤ ᠣᠨᠴᠠ ᠬᠦᠴᠢᠷᠳᠡᠯᠲᠡᠢ ᠬᠥᠮᠦᠰ ᠲᠤ ᠴᠠᠬᠢᠯᠭᠠᠨ ᠤ ᠨᠥᠬᠦᠪᠥᠷᠢ 2 . 87 ᠲᠦᠮᠡᠨ ᠲᠥᠭᠦᠷᠢᠭ ᠲᠠᠷᠬᠠᠭᠠᠪᠠ᠃ ᠶᠠᠳᠠᠭᠤ ᠎ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠎ ᠶᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠬᠤᠰᠢᠭᠤᠨ ᠤ 423 ᠬᠥᠮᠦᠨ ᠢ ᠶᠠᠳᠠᠭᠤ ᠠᠴᠠ ᠠᠩᠭᠢᠵᠢᠷᠠᠭᠤᠯᠤᠨ ᠲᠥᠷᠥ ᠶᠢᠨ ᠪᠣᠳᠣᠯᠭ᠎ᠠ ᠬᠦᠷᠲᠡᠭᠡᠵᠦ᠂ ᠨᠥᠬᠦᠴᠡᠯ ᠳᠤ ᠨᠡᠶᠢᠴᠡᠭᠰᠡᠨ 9 ᠬᠥᠮᠦᠨ ᠢ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠣᠨᠴᠠ ᠬᠦᠴᠢᠷᠳᠡᠯᠲᠡᠢ 1 ᠬᠥᠮᠦᠨ ᠢ ᠠᠪᠤᠷᠠᠨ ᠲᠤᠰᠠᠯᠠᠵᠤ ᠠᠰᠠᠷᠠᠨ ᠳᠡᠮᠵᠢᠬᠦ ᠳᠤ ᠣᠷᠣᠭᠤᠯᠵᠤ᠂ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠡᠷᠦᠬᠡ ︵ᠬᠢᠨᠠᠨ ᠰᠢᠯᠭᠠᠬᠤ ᠡᠲᠡᠭᠡᠳ︶111 ᠬᠥᠮᠦᠨ ᠪᠠᠶᠢᠵᠤ᠂ 10 ᠬᠥᠮᠦᠨ ᠢ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠤᠭᠤᠯᠪᠠ᠃ ᠵᠠᠰᠠᠭ ᠤᠨ ᠣᠷᠳᠣᠨ ᠎ ᠠᠴᠠ ᠠᠪᠤᠷᠠᠨ ᠲᠤᠰᠠᠯᠠᠬᠤ ᠪᠠ ᠨᠢᠭᠦᠯᠡᠰᠦᠩᠭᠦᠢ ᠪᠠᠷ ᠬᠠᠪᠰᠤᠷᠤᠨ ᠲᠡᠳᠬᠦᠬᠦ ᠶᠢ ᠪᠦᠲᠦᠮᠵᠢᠲᠡᠢ ᠵᠣᠯᠭᠠᠭᠤᠯᠬᠤ ᠪᠦᠬᠦ ᠠᠶᠢᠮᠠᠭ ᠤᠨ ᠳᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︿︿ᠨᠡᠶᠢᠭᠡᠮ ᠤᠨ ᠠᠪᠤᠷᠠᠨ ᠲᠤᠰᠠᠯᠠᠬᠤ ᠳᠠᠭᠠᠳᠬᠠᠯ﹀﹀᠎ ᠤᠨ ᠲᠥᠷᠥᠯ ᠵᠦᠶᠯ ᠢ ᠪᠥᠬᠦ ᠠᠶᠢᠮᠠᠭ ᠲᠤ ᠬᠠᠮᠤᠭ ᠲᠡᠷᠢᠭᠦᠨ ᠳᠤ ᠬᠡᠷᠡᠭᠵᠢᠭᠦᠯᠵᠦ᠂ ᠠᠷᠪᠠᠨ ᠲᠥᠷᠥᠯ ᠤᠨ ᠬᠥᠮᠦᠰ ᠲᠤ ︿︿ᠨᠡᠶᠢᠭᠡᠮ ᠤᠨ ᠠᠪᠤᠷᠠᠨ ᠲᠤᠰᠠᠯᠠᠬᠤ ᠳᠠᠭᠠᠳᠬᠠᠯ﹀﹀ ᠬᠤᠳᠠᠯᠳᠤᠨ ᠠᠪᠴᠤ  ᠥᠭᠪᠡ᠃      ᠬᠤᠶᠠᠷ᠂ ᠨᠠᠰᠤᠵᠢᠯ ᠤᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ      ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠵᠢᠷᠤᠮᠵᠢᠭᠰᠠᠨ ᠠᠵᠢᠯᠯᠠᠭᠠᠨ ᠪᠠ ᠬᠡᠪᠰᠢᠭᠰᠡᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠶᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠪᠡ᠃ 10 ᠰᠠᠷ᠎ᠠ ᠪᠣᠯᠲᠠᠯ᠎ᠠ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠤ ᠣᠷᠣᠵᠤ ᠰᠠᠭᠤᠭᠰᠠᠨ ᠨᠠᠰᠤᠲᠠᠨ 460 ᠡᠷᠦᠬᠡ ᠶᠢᠨ 843 ᠬᠥᠮᠦᠨ ᠪᠠᠶᠢᠵᠤ᠂ ᠣᠷᠣᠵᠤ ᠰᠠᠭᠤᠭᠰᠠᠨ ᠨᠣᠷᠮ᠎ᠠ100 % ᠎ ᠳᠤ ᠬᠦᠷᠴᠡᠶ᠃ ᠥᠨᠳᠥᠷ ᠨᠠᠰᠤᠨ ᠤ  ᠲᠡᠳᠬᠦᠪᠦᠷᠢ ᠬᠦᠷᠲᠡᠬᠦ ᠨᠠᠰᠤᠲᠠᠶᠢᠴᠤᠳ ᠤᠨ ᠵᠢᠰᠦ ᠶᠢ ᠢᠯᠭᠠᠨ ᠲᠠᠨᠢᠬᠤ ᠮᠡᠷᠭᠡᠵᠢᠯ ᠤᠨ ᠣᠷᠣᠰᠢᠨ ᠲᠣᠭᠲᠠᠨᠢᠬᠤ ᠭᠡᠷᠡᠴᠢᠯᠡᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠬᠦᠷᠲᠡᠬᠦ ᠲᠥᠷᠥ ᠶᠢᠨ ᠪᠣᠳᠣᠯᠭ᠎ᠠ‌‍ᠶᠢ ᠬᠦᠷᠲᠡᠬᠦ ᠳᠤ ᠳᠥᠭᠦᠮ ᠦᠵᠡᠭᠦᠯᠪᠡ᠃ 10 ᠰᠠᠷ᠎ᠠ ᠪᠣᠯᠲᠠᠯ᠎ᠠ᠂ ᠪᠦᠬᠦᠯᠢ 75 ᠨᠠᠰᠤᠨ ᠠᠴᠠ ᠳᠡᠭᠡᠭᠰᠢᠬᠢ 1600 ᠨᠠᠰᠤᠲᠠᠶᠢᠴᠤᠳ ᠲᠤ ᠥᠨᠳᠥᠷ ᠨᠠᠰᠤᠨ ᠤ ᠲᠡᠳᠬᠦᠪᠦᠷᠢ ᠮᠥᠩᠭᠦ ᠶᠢ ᠨᠡᠶᠢᠲᠡ 172 .70 ᠲᠦᠮᠡᠨ ᠲᠥᠭᠦᠷᠢᠭ ᠲᠠᠷᠬᠠᠭᠠᠪᠠ᠃ ᠠᠵᠤ ᠠᠬᠤᠶ ᠨᠢ ᠬᠦᠴᠢᠷᠳᠡᠯᠲᠡᠶ 126 ᠨᠠᠰᠤᠲᠠᠶᠢᠴᠤᠳ ᠲᠤ ᠨᠠᠰᠤᠵᠢᠯ ᠤᠨ ᠦᠶᠯᠡᠴᠢᠯᠡᠭᠡᠨ ᠤ ᠨᠥᠬᠦᠪᠥᠷᠢ ᠮᠥᠩᠭᠦ ᠶᠢ ᠨᠡᠶᠢᠲᠡ         6 .47 ᠲᠦᠮᠡᠨ ᠲᠥᠭᠦᠷᠢᠭ ᠲᠠᠷᠬᠠᠭᠠᠪᠠ᠃ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠴᠢᠳᠠᠬᠤ ᠦᠭᠡᠢ ᠭᠡᠵᠦ ᠮᠠᠭᠠᠳᠯᠠᠨ ᠲᠣᠭᠲᠠᠭᠠᠭᠰᠠᠨ 39 ᠨᠠᠰᠤᠲᠠᠨ ᠳᠤ ᠨᠡᠶᠢᠲᠡ 2 .65 ᠲᠦᠮᠡᠨ ᠲᠥᠭᠦᠷᠢᠭ ᠤᠨ ᠠᠰᠠᠷᠠᠨ ᠰᠤᠪᠢᠯᠠᠬᠤ ᠨᠥᠬᠦᠪᠥᠷᠢ ᠮᠥᠩᠭᠦ ᠣᠯᠭᠤᠵᠤ᠂ ᠲᠥᠪᠯᠡᠷᠡᠭᠦᠯᠦᠨ ᠠᠰᠠᠷᠠᠨ ᠰᠤᠪᠢᠯᠠᠬᠤ ᠠᠮᠢᠳᠤᠷᠠᠯ ᠤᠨ ᠨᠥᠬᠦᠪᠥᠷᠢ 3 .45 ᠲᠦᠮᠡᠨ ᠲᠥᠭᠦᠷᠢᠭ ᠲᠠᠷᠬᠠᠭᠠᠪᠠ᠃ 2024 ᠣᠨ ᠤ ᠨᠠᠰᠤᠲᠠᠶᠢᠴᠤᠳ ᠤᠨ ᠰᠠᠨᠠᠭᠠᠨ ᠳᠤ ᠥᠬᠡᠶ ᠰᠢᠷᠬᠠᠲᠤᠯ ᠎ ᠤᠨ ᠳᠠᠭᠠᠳᠬᠠᠯ ᠤᠨ ᠲᠥᠷᠥᠯ ᠵᠦᠶᠯ ᠢ ᠬᠡᠷᠡᠭᠵᠢᠭᠦᠯᠵᠦ᠂ ᠪᠥᠬᠦ ᠬᠤᠰᠢᠭᠤᠨ ᠤ 9291 ᠪᠦᠬᠦᠯᠢ 60 ᠨᠠᠰᠤᠨ ᠎ ᠠᠴᠠ ᠳᠡᠭᠡᠭᠰᠢᠬᠢ ᠨᠠᠰᠤᠲᠠᠶᠢᠴᠤᠳ ᠲᠤ ᠬᠥᠮᠦᠨ ᠪᠦᠷᠢ ᠵᠢᠯ ᠳᠤ 15 ᠲᠥᠭᠦᠷᠢᠭ ᠤᠨ ᠪᠠᠷᠢᠮᠵᠢᠶ᠎ᠠ ᠪᠠᠷ 13 . 94 ᠲᠦᠮᠡᠨ ᠲᠥᠭᠦᠷᠢᠭ ᠤᠨ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠢ ᠪᠦᠷᠢᠳᠬᠡᠭᠦᠯᠵᠡᠢ᠃ ᠪᠦᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠤᠯᠠᠮ ᠰᠢᠯᠢᠳᠡᠭᠵᠢᠭᠦᠯᠬᠦ ᠶᠢᠨ ᠲᠥᠯᠦᠭᠡ ᠵᠢᠯ ᠤᠨ ᠡᠬᠢᠨ ᠳᠤ᠂ 3 ᠰᠤᠮᠤ ᠪᠠᠯᠭᠠᠰᠤᠨ ᠤ ᠲᠡᠰ ᠤᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠦᠨᠳᠦᠰᠦᠨ ᠳᠡᠭᠡᠨ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠵᠤ᠂ 4 ᠭᠠᠴᠠᠭᠠᠨ ︵ᠨᠡᠶᠢᠭᠡᠮ ᠲᠣᠭᠤᠷᠢᠭ︶᠎ ᠤ ᠲᠡᠰ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号